ᠵᠡᠭᠦᠨ ᠦᠵᠦᠮᠦᠴᠢᠨ ᠪᠣᠭᠤᠮᠲᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠵᠢᠴᠢ | ᠵᠠᠬ᠎ᠠ ᠳᠡᠯᠭᠡᠭᠦᠷ ᠤᠨ ᠪᠠᠶᠢᠳᠠᠯ ᠢ ᠴᠠᠭ ᠲᠤᠬᠠᠶ ᠳᠤᠨᠢ ᠴᠤᠭᠯᠠᠭᠤᠯᠵᠤ᠂ ᠠᠷᠠᠯᠵᠢᠶᠠᠨ ᠤ ᠤᠯᠤᠰ ᠤᠨ ᠬᠢᠯᠢ ᠪᠠᠷ | ᠣᠷᠣᠭᠤᠯᠬᠤ ᠬᠢᠵᠠᠭᠠᠷᠯᠠᠯ᠂ ᠬᠢᠵᠢᠭ ᠪᠠᠶᠢᠴᠠᠭᠠᠬᠤ᠂ ᠲᠤᠰᠠᠭᠠᠷᠯᠠᠬᠤ ᠵᠡᠷᠭᠡ ᠱᠠᠭᠠᠷᠳᠠᠯᠭ᠎ᠠ ᠶᠢ ᠠᠩᠬᠠᠷᠴᠤ᠂ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠮᠡᠷᠭᠡᠵᠢᠯ ᠤᠨ ᠲᠠᠯ᠎ᠠ ᠪᠠᠷ ᠰᠢᠪᠲᠤᠯᠤᠯᠲᠠ ᠭᠠᠷᠭᠠᠪᠠ᠃ ︽ᠠᠵᠤ | ᠠᠬᠤᠶᠢᠯᠠᠯ ᠳᠤ ᠠᠰᠢᠭ ᠬᠥᠷᠲᠡᠭᠡᠬᠦ︾ ᠲᠥᠯᠥᠪᠯᠡᠭᠡ ᠭᠠᠷᠭᠠᠵᠤ᠂ ᠠᠵᠤ ᠠᠬᠤᠶᠢᠯᠠᠯ ᠤᠨ ᠬᠠᠪᠰᠤᠷᠤᠨ ᠲᠡᠳᠬᠦᠬᠦ | ᠲᠠᠩᠰᠠ ᠡᠪᠬᠡᠮᠡᠯ ᠪᠠ ᠬᠤᠯᠪᠣᠭᠠᠴᠢᠨ ᠤ ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ ᠢ ᠬᠠᠪᠰᠤᠷᠤᠨ | ᠦᠢᠯᠡᠳᠬᠦᠨ ᠤ ᠥᠪᠡᠰᠦᠪᠡᠨ ᠪᠠᠶᠢᠴᠠᠭᠠᠵᠤ ᠥᠪᠡᠰᠦᠪᠡᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠬᠠᠷᠢᠶ᠎ᠠ | ᠭᠠᠵᠠᠷ ᠤᠨ ᠪᠠᠶᠢᠴᠠᠭᠠᠨ ᠰᠢᠯᠭᠠᠬᠤ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ ᠪᠠᠶᠢᠴᠠᠭᠠᠨ ᠰᠢᠯᠭᠠᠬᠤ ᠦᠨᠡᠮᠯᠡᠯ ᠢ | ︽ᠥᠯᠥ ᠬᠤᠶᠢᠰᠢᠯᠠᠭᠤᠯᠬᠤ ᠦᠭᠡᠢ︾ ᠪᠠᠶᠢᠬᠤ ᠶᠢ ᠪᠠᠲᠤᠯᠠᠪᠠ︔ ᠦᠷ᠎ᠡ ᠴᠢᠬᠢ ᠶᠢ ᠬᠠᠳᠠᠭᠠᠯᠠᠬᠤ ᠬᠤᠭᠤᠴᠠᠭ᠎ᠠ ᠶᠢ | ᠣᠬᠤᠷ ᠪᠠᠶᠢᠯᠭᠠᠬᠤ ᠣᠨᠴᠠᠯᠢᠭ ᠲᠤ ᠰᠠᠭᠤᠷᠢᠯᠠᠨ᠂ ᠬᠢᠯᠢ ᠶᠢᠨ ᠪᠣᠭᠤᠮᠲᠠ ᠶᠢᠨ ᠨᠡᠪᠲᠡᠷᠡᠬᠦ ᠪᠠᠶᠢᠳᠠᠯ ᠢ ᠨᠢᠭᠲᠠ | ᠠᠩᠬᠠᠷᠴᠤ᠂ ᠬᠠᠮᠢᠶ᠎ᠠ ᠪᠦᠬᠦᠢ ᠬᠢᠯᠢ ᠶᠢᠨ ᠪᠣᠭᠤᠮᠲᠠ ᠶᠢᠨ ᠪᠣᠭᠤᠮᠲᠠ ᠪᠠᠷ ᠨᠡᠪᠲᠡᠷᠡᠬᠦ ᠴᠤᠪᠤᠷᠠᠯ ᠢ ᠤᠷᠢᠳᠴᠢᠯᠠᠨ | ᠠᠩᠬᠠᠷᠴᠤ᠂ ᠠᠵᠤ ᠠᠬᠤᠶᠢᠯᠠᠯ ᠢ ᠵᠢᠯᠣᠭᠤᠳᠤᠨ ᠵᠣᠬᠢᠴᠠᠩᠭᠤᠶ ᠪᠡᠯᠡᠳᠬᠡᠯ ᠢ ᠰᠠᠶᠢᠲᠤᠷ ᠬᠢᠵᠦ᠂ ᠠᠵᠤ | ᠠᠬᠤᠶᠢᠯᠠᠯ ᠤᠨ ᠴᠠᠭ ᠲᠤᠬᠠᠶ ᠳᠤᠨᠢ ᠪᠣᠭᠤᠮᠲᠠ ᠪᠠᠷ ᠥᠩᠭᠡᠷᠡᠬᠦ᠂ ᠬᠠᠷᠢᠶ᠎ᠠ ᠣᠷᠣᠨ ᠤ ᠴᠢᠬᠢ ᠮᠣᠳᠣᠨ ᠤ | ᠭᠠᠳᠠᠭᠠᠳᠤ ᠳᠤ ᠭᠠᠷᠭᠠᠬᠤ ᠨᠡᠮᠡᠭᠳᠡᠯ ᠤᠨ ᠬᠡᠮᠵᠢᠶ᠎ᠡ ᠶᠢ 500% ᠠᠴᠠ ᠳᠠᠪᠠᠭᠤᠯᠬᠤ ᠳᠤ ᠬᠦᠴᠦᠨ ᠨᠡᠮᠡᠷᠢᠯᠡᠪᠡ᠃ | ᠳᠡᠭᠡᠷ᠎ᠡ ᠬᠠᠭᠠᠰ ᠵᠢᠯ ᠳᠤ᠂ ᠵᠡᠭᠦᠨ ᠦᠵᠦᠮᠦᠴᠢᠨ ᠪᠣᠭᠤᠮᠲᠠ ᠬᠠᠷᠢᠶ᠎ᠠ ᠣᠷᠣᠨ ᠤ ᠠᠵᠤ ᠠᠬᠤᠶᠢᠯᠠᠯ ᠮᠣᠩᠭᠤᠯ | ᠤᠯᠤᠰ ᠤᠨ ᠴᠢᠬᠢ ᠮᠣᠳᠣ 26.7 ᠲᠦᠮᠡᠨ ᠰᠠᠭᠤᠷᠢ ᠭᠠᠳᠠᠭᠠᠳᠤ ᠳᠤ ᠭᠠᠷᠭᠠᠵᠤ᠂ ᠠᠳᠠᠯᠢ | ᠬᠤᠭᠤᠴᠠᠭᠠᠨ ᠤ ᠬᠢ ᠠᠴᠠ 589% ᠪᠠᠷ ᠨᠡᠮᠡᠭᠳᠡᠵᠦ᠂ ᠭᠠᠳᠠᠭᠠᠳᠤ ᠳᠤ ᠭᠠᠷᠭᠠᠭᠰᠠᠨ ᠴᠢᠬᠢ ᠮᠣᠳᠣᠨ ᠤ ᠲᠥᠷᠥᠯ | ᠵᠦᠢᠯ ᠨᠢ ᠨᠢᠳᠤᠨᠤᠨ ᠤ 4 ᠲᠥᠷᠥᠯ ᠵᠦᠢᠯ ᠪᠠᠶᠢᠭᠰᠠᠨ ᠠᠴᠠ ᠪᠠᠨ ᠨᠡᠮᠡᠭᠳᠡᠭᠡᠳ 11 ᠲᠥᠷᠥᠯ ᠵᠦᠢᠯ ᠪᠣᠯᠵᠠᠶ᠃ |