︽ᠵᠡᠭᠦᠨ ᠦᠵᠦᠮᠦᠴᠢᠨ ᠬᠤᠰᠢᠭᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠦᠯ ︵2024 ᠣᠨ ᠳᠤ ᠵᠠᠰᠠᠪᠤᠷᠢ ᠣᠷᠣᠭᠤᠯᠤᠭᠰᠠᠨ︶︾᠎ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/14
      ᠨᠢᠭᠡ᠂ ᠲᠣᠭᠲᠠᠭᠠᠭᠰᠠᠨ ᠴᠢᠬᠤᠯᠠ ᠴᠢᠨᠠᠷ      ᠮᠠᠨ ᠤ ᠬᠤᠰᠢᠭᠤᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠮᠦᠨ ᠤ ᠠᠳᠡᠯ ᠰᠢᠷᠬᠠᠲᠤᠯ ᠪᠠ ᠡᠷᠡᠭᠦᠯ ᠮᠡᠨᠳᠦ ᠶᠢᠨ ᠬᠤᠤᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠂         ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2023 ᠣᠨ ᠳᠤ ᠵᠠᠰᠠᠪᠤᠷᠢ ᠣᠷᠣᠭᠤᠯᠤᠭᠰᠠᠨ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠳᠤ ᠵᠠᠰᠠᠪᠤᠷᠢ ᠣᠷᠣᠭᠤᠯᠤᠭᠰᠠᠨ︶︾ ᠵᠡᠷᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠪᠡᠯᠡᠳᠬᠡᠯ ᠲᠥᠰᠦᠯ ᠢ ᠲᠣᠭᠲᠠᠭᠠᠪᠠ᠃      ᠬᠤᠶᠠᠷ᠂ ᠭᠤᠣᠯ ᠠᠭᠤᠯᠭ᠎ᠠ      ︽ᠪᠠᠴᠢᠮ ᠪᠠᠶᠢᠳᠠᠯ ᠢ ᠠᠷᠭᠠᠴᠠᠬᠤ ᠲᠥᠰᠦᠯ︾᠎ ᠳᠤ 6 ᠪᠦᠯᠦᠭ᠂ 1 ᠳᠠᠭᠠᠯᠳᠤᠭᠤᠯᠤᠯ ᠪᠠᠭᠲᠠᠨ᠎ᠠ᠃      ︵ᠨᠢᠭᠡ︶ ᠶᠡᠷᠦᠩᠬᠡᠢ ᠳᠦᠷᠢᠮ᠃ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ᠂ ᠬᠡᠷᠡᠭᠯᠡᠬᠦ ᠬᠡᠪᠴᠢᠶ᠎ᠡ ᠪᠠ ᠠᠵᠢᠯ ᠤᠨ ᠵᠠᠷᠴᠢᠮ ᠢ ᠪᠠᠭᠲᠠᠭᠠᠨ᠎ᠠ᠃ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠠᠴᠠ ᠪᠣᠯᠤᠭᠰᠠᠨ ᠬᠥᠮᠦᠨ ᠬᠠᠷ᠎ᠠ ᠠᠳᠡᠵᠦ ᠰᠢᠷᠬᠠᠲᠤᠬᠤ᠂ ᠡᠷᠡᠭᠦᠯ ᠮᠡᠨᠳᠦ ᠳᠤ ᠬᠤᠬᠢᠷᠠᠯ ᠤᠴᠠᠷᠠᠭᠤᠯᠬᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠤ ᠪᠡᠯᠡᠳᠬᠡᠯ ᠲᠥᠰᠦᠯ ᠢ ᠲᠣᠳᠣᠷᠬᠠᠶ ᠲᠣᠭᠲᠠᠭᠠᠪᠠ᠃      ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠯᠠᠬᠤ ᠬᠡᠷᠡᠭ ᠤᠨ ᠳᠡᠰ ᠬᠤᠪᠢᠶᠠᠬᠤ᠃ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠠᠴᠠ ᠪᠣᠯᠤᠭᠰᠠᠨ ᠬᠥᠮᠦᠨ ᠬᠠᠷ᠎ᠠ ᠠᠳᠡᠭᠰᠡᠨ ᠪᠠ ᠡᠷᠡᠭᠦᠯ ᠮᠡᠨᠳᠦ ᠶᠢᠨ ᠬᠥᠨᠥᠭᠡᠯ ᠤᠨ ᠪᠠᠶᠢᠳᠠᠯ ᠢ ᠲᠣᠳᠣᠷᠬᠠᠶᠢᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠡᠷᠡᠭ ᠢ ᠣᠨᠴᠠ ᠬᠦᠨᠳᠦ ᠶᠡᠭᠡ ︵Ⅰ ᠳᠡᠰ︶᠂ ᠬᠦᠨᠳᠦ ᠶᠡᠭᠡ ︵Ⅱ ᠳᠡᠰ︶᠂ ᠨᠡᠯᠢᠶᠡᠳ ᠶᠡᠭᠡ ︵Ⅲ ᠳᠡᠰ︶ ᠪᠠ ᠡᠩ ᠤᠨ ︵Ⅳ ᠳᠡᠰ ᠭᠡᠵᠦ ᠬᠤᠪᠢᠶᠠᠨ᠎ᠠ᠃︶ ᠳᠥᠷᠪᠡᠳᠦᠭᠡᠷ ᠳᠡᠰ᠃      ︵ᠭᠤᠷᠪᠠ︶ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠯᠠᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠃ ᠭᠡᠨᠡᠳᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠤᠨ ᠪᠦᠲᠦᠴᠡ ᠪᠠ ᠡᠭᠦᠷᠭᠡ ᠬᠠᠷᠢᠭᠤᠴᠠᠯᠭ᠎ᠠ ᠶᠢ         ᠲᠣᠳᠣᠷᠬᠠᠶᠢᠯᠠᠵᠤ᠂ ᠡᠭᠦᠨ ᠳᠤ ᠬᠤᠰᠢᠭᠤ ᠭᠡᠨᠡᠳᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠤᠳᠤᠷᠢᠳᠬᠤ ᠳᠤᠭᠤᠶᠢᠯᠠᠩ ᠵᠢᠴᠢ ᠲᠡᠭᠦᠨ ᠤ ᠠᠯᠪᠠᠨ ᠬᠡᠷ᠂ ᠲᠤᠰᠬᠠᠶ ᠮᠡᠷᠭᠡᠵᠢᠯᠲᠡᠨ ᠤ ᠳᠤᠭᠤᠶᠢᠯᠠᠩ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠤᠳᠤᠷᠢᠳᠬᠤ ᠪᠠᠶᠢᠭᠤᠯᠤᠮᠵᠢ ᠪᠠ ᠲᠤᠬᠠᠶ ᠶᠢᠨ ᠲᠠᠯᠠᠪᠤᠷ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠢᠯᠣᠭᠤᠳᠬᠤ ᠭᠠᠵᠠᠷ ᠵᠡᠷᠭᠡ ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ ᠬᠤᠰᠢᠭᠤ ᠭᠡᠨᠡᠳᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠶᠢᠨ ᠪᠦᠷᠢᠯᠳᠦᠯ᠂ ᠪᠦᠷᠢᠯᠳᠦᠬᠦᠨ ᠨᠢᠭᠡᠴᠡ ᠵᠢᠴᠢ ᠲᠡᠭᠦᠨ ᠤ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶ ᠲᠣᠭᠲᠠᠭᠠᠪᠠ᠃      ︵ᠲᠦᠷᠪᠡ︶ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠯᠠᠬᠤ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ᠂ ᠳᠠᠭᠤᠰᠬᠤ᠃ ᠭᠡᠨᠡᠳᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠡᠬᠢᠯᠡᠭᠦᠯᠬᠦ᠂ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ᠂ ᠰᠢᠢᠳᠪᠦᠷᠢᠯᠡᠬᠦ ᠠᠷᠭ᠎ᠠ ᠬᠡᠮᠵᠢᠶ᠎ᠡ᠂ ᠣᠶᠤᠨ ᠮᠡᠳᠡᠷᠡᠯ ᠤᠨ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠠᠵᠢᠯ᠂ ᠮᠡᠳᠡᠭᠡ ᠵᠠᠩᠭᠢ ᠮᠡᠳᠡᠭᠦᠯᠬᠦ ᠂ ᠵᠣᠭᠰᠣᠭᠠᠬᠤ ᠵᠡᠷᠭᠡ ᠡᠯ᠎ᠡ ᠭᠤᠭᠴᠤᠭ᠎ᠠ ᠵᠢᠴᠢ ᠮᠡᠳᠡᠭᠡ ᠵᠠᠩᠭᠢ ᠨᠡᠶᠢᠲᠡᠯᠡᠬᠦ ᠠᠵᠢᠯ ᠤᠨ ᠶᠠᠪᠤᠴᠠ ᠵᠢᠴᠢ ᠱᠠᠭᠠᠷᠳᠠᠯᠭ᠎ᠠ ᠶᠢ ᠲᠣᠳᠣᠷᠬᠠᠶᠢᠯᠠᠪᠠ᠃      ︵ᠲᠠᠪᠤ︶ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠯᠠᠬᠤ ᠪᠠᠲᠤᠯᠠᠭ᠎ᠠ᠃ ᠭᠡᠨᠡᠳᠲᠡ ᠡᠭᠦᠰᠬᠦ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠬᠡᠷᠡᠭᠰᠡᠬᠦ ᠮᠡᠳᠡᠭᠡ ᠵᠠᠩᠭᠢᠵᠢᠯᠲᠠ᠂ ᠪᠠᠶᠢᠭᠤᠯᠤᠮᠵᠢ᠂ ᠡᠩᠨᠡᠭᠡ᠂ ᠰᠣᠷᠢᠯᠲᠠ᠂ ᠡᠳ᠋ ᠪᠠᠷᠠᠭ᠎ᠠ᠂ ᠵᠠᠮ ᠬᠠᠷᠢᠯᠴᠠᠭ᠎ᠠ ᠵᠡᠷᠭᠡ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠤ ᠳᠡᠮᠵᠢᠯᠭᠡ ᠬᠠᠩᠭᠠᠬᠤ ᠪᠠ ᠪᠠᠲᠤᠯᠠᠬᠤ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠪᠠ᠃      ︵ᠵᠢᠷᠭᠤᠭ᠎ᠠ︶ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠯᠠᠬᠤ ᠠᠵᠢᠯ ᠳᠤ ᠣᠯᠠᠨ ᠨᠡᠶᠢᠲᠡ ᠶᠢᠨ ᠣᠷᠤᠯᠴᠠᠬᠤ᠃ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠮᠡᠳᠡᠯᠭᠡ ᠶᠢ ᠲᠦᠭᠡᠮᠡᠯᠵᠢᠭᠦᠯᠬᠦ᠂ ᠤᠬᠠᠭᠤᠯᠭ᠎ᠠ ᠬᠥᠮᠦᠵᠢᠯ ᠪᠠ ᠰᠣᠷᠢᠯᠲᠠ ᠬᠢᠬᠦ ᠵᠡᠷᠭᠡ ᠡᠯ᠎ᠡ ᠵᠦᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃      ︵ᠳᠤᠯᠤᠭ᠎ᠠ︶ ᠳᠠᠭᠠᠯᠳᠤᠭᠤᠯᠤᠭᠰᠠᠨ ᠳᠦᠷᠢᠮ᠃ ᠭᠤᠣᠯᠳᠠᠭᠤ ︽ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾᠎ ᠤᠨ ᠬᠠᠷᠢᠭᠤᠴᠠᠯᠭ᠎ᠠ ᠬᠢᠭᠡᠳ ᠱᠠᠩᠨᠠᠵᠤ ᠲᠣᠷᠭᠠᠬᠤ᠂ ᠲᠣᠭᠲᠠᠭᠠᠬᠤ ᠪᠠ ᠵᠠᠰᠠᠪᠤᠷᠢ ᠣᠷᠣᠭᠤᠯᠬᠤ᠂ ᠲᠠᠶᠢᠯᠪᠤᠷᠢᠯᠠᠬᠤ ᠰᠠᠯᠠᠭ᠎ᠠ ᠮᠥᠴᠢᠷ ᠪᠠ ᠬᠡᠷᠡᠭᠵᠢᠭᠦᠯᠬᠦ ᠴᠠᠭ ᠵᠡᠷᠭᠡ ᠠᠭᠤᠯᠭ᠎ᠠ ᠳᠤ ᠲᠣᠭᠲᠠᠭᠠᠯ ᠭᠠᠷᠭᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号