ᠠᠳᠠᠯᠢ ᠪᠤᠰᠤ ᠬᠦᠮᠦᠰ ᠤᠨ ᠡᠮᠴᠢᠯᠡᠭᠡᠨ ᠤ ᠳᠠᠭᠠᠳᠬᠠᠯ ᠶᠡᠭᠡ ᠬᠤᠪᠢᠷᠠᠯᠲᠠ ᠲᠠᠢ ᠪᠣᠯᠬᠤ ᠪᠣᠯᠤᠨ᠎ᠠ︕ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠯᠪᠠᠨ ᠪᠢᠴᠢᠭ ᠲᠠᠷᠬᠠᠭᠠᠪᠠ
ᠨᠡᠶᠢᠲᠡᠯᠡᠭᠰᠡᠨ ᠴᠠᠭ᠄
2024/8/14
   ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠦᠷᠦᠭᠦᠬᠡᠨ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠬᠦ ᠲᠤᠬᠠᠢ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠶᠠᠮᠠᠷ ᠶᠠᠮᠠᠷ ᠬᠦᠮᠦᠰ ᠤᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠪᠣᠢ︖ ᠮᠠᠨ ᠤ ᠤᠯᠤᠰ ᠤᠨ ᠠᠩᠬᠠᠳᠠᠭᠴᠢ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠡᠷᠬᠢᠨ ᠠᠵᠢᠯᠯᠠᠭᠤᠯᠬᠤ ᠪᠣᠶ︖ ᠳᠠᠷᠠᠭᠠᠴᠢ ᠶᠢᠨ ᠵᠦᠢᠯ ᠢ ᠬᠠᠮᠲᠤ ᠳᠤ ᠪᠠᠨ ᠦᠵᠡᠵᠡᠭᠡᠶ᠎ᠡ —    ᠡᠲᠡᠬᠡᠷ ᠬᠦᠮᠦᠰ ᠲᠠᠭᠠᠳᠬᠠᠯ ᠳᠤ ᠣᠷᠣᠯᠴᠠᠨ ᠡᠪᠡᠳᠴᠢᠨ ᠦᠵᠡᠭᠦᠯᠬᠦ ᠳᠤ ᠨᠡᠩ ᠲᠦᠭᠦᠮ ᠪᠣᠯᠬᠤ ᠪᠣᠯᠣᠨ᠎ᠠ    ᠰᠠᠶ᠋ᠢ ᠲᠦᠷᠦᠭᠰᠡᠨ ᠬᠡᠤᠬᠡᠳ    ᠲᠥᠷᠥᠯᠲᠡ ᠶᠢᠨ ᠠᠨᠠᠭᠠᠬᠤ ᠤᠬᠠᠭᠠᠨ ᠤ ᠭᠡᠷᠡᠴᠢ᠂ ᠡᠷᠦᠬᠡ ᠠᠮᠠ ᠶᠢᠨ ᠳᠡᠩᠰᠡᠯᠡᠯᠲᠡ᠂ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠭᠤᠶᠤᠴᠢᠯᠠᠨ ᠠᠪᠬᠤ ᠵᠡᠷᠭᠡ ︽ᠲᠦᠷᠦᠯᠲᠡ ᠶᠢᠨ ᠨᠢᠭᠡ ᠶᠠᠪᠤᠳᠠᠯ︾ ᠢ ᠨᠡᠶᠢᠯᠡᠭᠦᠯᠦᠨ ᠭᠦᠢᠴᠡᠳᠬᠡᠬᠦ ᠶᠢ ᠠᠬᠢᠭᠤᠯᠤᠨ ᠨᠠᠶᠢᠳᠠᠪᠤᠷᠢᠵᠢᠭᠤᠯᠵᠤ᠂ ᠭᠠᠷᠳᠠᠮ ᠢ ᠳᠥᠭᠦᠮᠴᠢᠯᠡᠵᠦ᠂ ᠳᠠᠷᠠᠭᠠᠯᠠᠯ ᠢ ᠰᠢᠯᠢᠳᠡᠭᠵᠢᠭᠦᠯᠦᠨ᠂ ᠬᠠᠷᠠᠭᠠᠯᠵᠠᠨ ᠬᠠᠮᠠᠭᠠᠯᠠᠭᠴᠢ ᠠᠴᠠ ᠰᠠᠶ᠋ᠢ ᠲᠦᠷᠦᠭᠰᠡᠨ ᠬᠡᠦᠬᠡᠳ ᠤᠨ ᠲᠥᠷᠥᠭᠰᠡᠨ ᠲᠤᠬᠠᠶ ᠶᠢᠨ ᠵᠢᠯ ᠳᠤ ᠨᠢ ᠳᠠᠭᠠᠳᠬᠠᠯ ᠳᠤ ᠣᠷᠤᠯᠴᠠᠭᠤᠯᠬᠤ ᠶᠢ ᠠᠬᠢᠭᠤᠯᠤᠨ᠎ᠠ᠃    ᠨᠠᠰᠤᠨ ᠳᠤ ᠦᠯᠦ ᠬᠦᠷᠦᠭᠰᠡᠳ    ᠣᠨᠴᠠ ᠶᠡᠭᠡ ᠬᠤᠲᠠ᠂ ᠬᠡᠲᠦ ᠶᠡᠭᠡ ᠬᠤᠲᠠᠳ ᠣᠷᠣᠰᠢᠨ ᠰᠠᠭᠤᠷᠢᠰᠢᠬᠤ ᠦᠨᠡᠮᠯᠡᠯ ᠢᠶᠠᠷ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠭᠠᠳᠠᠷ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠳᠤᠮᠳᠠᠳᠤ ᠪᠠᠭ᠎ᠠ ᠰᠤᠷᠭᠠᠭᠤᠯᠢ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠤᠳ ᠢ ᠪᠠᠶᠢᠩᠭᠤ ᠰᠠᠭᠤᠭ᠎ᠠ ᠭᠠᠵᠠᠷ ᠲᠤ ᠨᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠤᠯᠬᠤ ᠶᠢ ᠲᠦᠯᠬᠢᠨ ᠠᠬᠢᠭᠤᠯᠤᠨ᠎ᠠ᠃    ᠣᠶᠣᠲᠠᠳ    ᠤᠶᠤᠲᠠᠳ ᠤᠨ ᠰᠤᠷᠭᠠᠭᠤᠯᠢ ᠳᠤ ᠪᠠᠶᠢᠭ᠎ᠠ ᠭᠠᠵᠠᠷ ᠲᠤ ᠨᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠵᠤ᠂ ᠳᠠᠭᠠᠳᠬᠠᠯ ᠳᠤ ᠣᠷᠣᠯᠴᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠤᠶᠤᠲᠠᠳ ᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠰᠠᠶᠢᠲᠤᠷ ᠠᠳᠬᠤᠨ᠎ᠠ᠃    ᠠᠮᠢᠳᠤᠯᠢᠭ ᠢᠶᠠᠷ ᠠᠵᠢᠯ ᠣᠯᠣᠭᠰᠠᠳ᠂ ᠲᠠᠷᠢᠶᠠᠴᠢᠨ ᠬᠦᠴᠦ ᠶᠠᠪᠤᠭᠰᠠᠳ᠂ ᠰᠢᠨ᠎ᠡ ᠬᠡᠯᠪᠡᠷᠢ ᠪᠠᠶᠢᠳᠠᠯ ᠢᠶᠠᠷ ᠠᠵᠢᠯ ᠣᠯᠣᠭᠰᠠᠳ    ᠬᠡᠲᠦ ᠶᠡᠭᠡ ᠬᠤᠲᠠᠳ ᠠᠮᠢᠳᠤᠯᠢᠭ ᠢᠶᠠᠷ ᠠᠵᠢᠯ ᠣᠯᠣᠭᠰᠠᠳ᠂ ᠲᠠᠷᠢᠶᠠᠴᠢᠨ ᠬᠦᠴᠦ ᠶᠠᠪᠤᠭᠰᠠᠳ᠂ ᠰᠢᠨ᠎ᠡ ᠬᠡᠯᠪᠡᠷᠢ ᠪᠠᠶᠢᠳᠠᠯ ᠢᠶᠠᠷ ᠠᠵᠢᠯ ᠣᠯᠣᠭᠰᠠᠳ ᠤᠨ ᠠᠵᠢᠯ ᠣᠯᠤᠭᠰᠠᠨ ᠭᠠᠵᠠᠷ ᠲᠤ ᠨᠢ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠭᠤᠯᠬᠤ ᠡᠷᠦᠬᠡ ᠠᠮᠠ ᠶᠢᠨ ᠬᠢᠵᠠᠭᠠᠷᠯᠠᠯ ᠢ ᠬᠦᠴᠦᠨ ᠦᠭᠡᠶ ᠪᠣᠯᠭᠠᠵᠤ᠂ ᠠᠵᠢᠯ ᠣᠯᠤᠭᠰᠠᠨ ᠭᠠᠵᠠᠷ ᠲᠤ ᠨᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠤᠯᠬᠤ ᠠᠵᠢᠯ ᠢ ᠰᠠᠶᠢᠲᠤᠷ ᠬᠢᠨ᠎ᠡ᠃    ᠠᠵᠢᠯ ᠣᠯᠭᠤᠯᠲᠠ ᠶᠢᠨ ᠬᠡᠯᠪᠡᠷᠢ ᠮᠠᠶ᠋ᠢᠭ ᠤᠨ ᠣᠯᠠᠨ ᠶᠠᠩᠵᠤᠴᠢᠯᠠᠬᠤ ᠳᠤ ᠵᠣᠬᠢᠴᠠᠭᠤᠯᠤᠨ᠂ ᠠᠮᠢᠳᠤᠯᠢᠭ ᠢᠶᠠᠷ ᠠᠵᠢᠯ ᠣᠯᠤᠭᠰᠠᠳ ᠤᠨ ᠳᠠᠭᠠᠳᠬᠠᠯ ᠳᠤ ᠣᠷᠣᠯᠴᠠᠭᠤᠯᠵᠤ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠰᠤᠳᠤᠯᠤᠨ ᠲᠡᠭᠦᠯᠳᠡᠷᠵᠢᠭᠦᠯᠦᠨ᠎ᠡ᠃    ᠬᠦᠳᠡᠭᠡ ᠲᠤᠰᠬᠤᠨ ᠤ ᠰᠠᠭᠤᠭᠠᠯᠢ ᠠᠷᠠᠳ    ᠰᠠᠶᠢᠨ ᠳᠤᠷ᠎ᠠ ᠠᠴᠠ ᠪᠠᠨ ᠭᠤᠶᠤᠴᠢᠯᠠᠭᠰᠠᠨ ᠮᠥᠷᠲᠡᠭᠡᠨ ᠨᠥᠬᠦᠴᠡᠯ ᠳᠤ ᠨᠡᠶᠢᠴᠡᠭᠰᠡᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠣᠳᠣᠬᠤ ᠬᠡᠪᠴᠢᠶᠡᠨ ᠳᠤ ᠣᠷᠣᠭᠤᠯᠵᠤ᠂ ᠴᠠᠭ ᠲᠤᠬᠠᠶ ᠳᠤ ᠨᠢ ᠳ᠋ᠦᠩᠨᠡᠨ ᠪᠣᠳᠣᠬᠤ ᠶᠢ ᠲᠦᠯᠬᠢᠨ ᠠᠬᠢᠭᠤᠯᠤᠨ᠎ᠠ᠃ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠤᠯᠤᠰ ᠠᠴᠠ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠢ ᠵᠦᠶ ᠵᠣᠬᠢᠰᠲᠠᠶ ᠲᠣᠬᠢᠷᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠶᠢᠷ᠎ᠠ ᠬᠠᠪᠢ ᠳᠤ ᠪᠠᠨ ᠡᠪᠡᠳᠴᠢᠨ ᠦᠵᠡᠭᠦᠯᠵᠦ ᠡᠮᠨᠡᠭᠦᠯᠬᠦ ᠳᠤ ᠨᠢ ᠳᠦᠭᠦᠮᠯᠡᠵᠦ᠂ ᠱᠠᠲᠤ ᠬᠤᠪᠢᠶᠠᠨ ᠣᠨᠣᠰᠢᠯᠠᠨ ᠡᠮᠨᠡᠭᠦᠯᠬᠦ ᠶᠢ ᠨᠠᠩ ᠰᠠᠶᠢᠲᠤᠷ ᠠᠬᠢᠭᠤᠯᠤᠨ᠎ᠠ᠃    ᠡᠳᠡᠭᠡᠷ ᠬᠦᠮᠦᠰ ᠳᠠᠭᠠᠳᠬᠠᠯ ᠳᠤ ᠣᠷᠣᠯᠴᠠᠬᠤ ᠳᠤ ᠰᠠᠶᠢᠨ ᠴᠢᠮᠡᠭᠡ ᠪᠠᠶᠢᠨ᠎ᠠ —    ᠠᠵᠢᠯᠲᠠᠨ ᠠᠵᠢᠯᠴᠢᠨ    ᠠᠵᠢᠯᠲᠠᠨ ᠠᠵᠢᠯᠴᠢᠨ ᠤ ᠡᠮᠴᠢᠯᠡᠭᠡᠨ ᠤ ᠲᠠᠭᠠᠳᠬᠠᠯ ᠤᠨ ᠬᠤᠪᠢ ᠬᠦᠮᠦᠨ ᠤ ᠳᠠᠩᠰᠠᠨ ᠡᠷᠦᠭᠡ ᠳᠠᠬᠢ ᠵᠣᠭᠤᠰ ᠢᠶᠠᠷ ᠳᠠᠭᠠᠳᠬᠠᠯ ᠳᠤ ᠣᠷᠣᠯᠴᠠᠭᠰᠠᠳ ᠤᠨ ᠲᠦᠷᠦᠯ ᠰᠠᠳᠤᠨ ᠤ ᠰᠠᠭᠤᠭᠠᠯᠢ ᠠᠷᠡᠳ ᠤᠨ ᠡᠮᠴᠢᠯᠡᠭᠡᠨ ᠤ ᠲᠠᠭᠠᠳᠬᠠᠯ ᠳᠤ ᠣᠷᠣᠯᠴᠬᠠᠰᠠᠨ ᠬᠤᠪᠢ ᠬᠦᠮᠦᠨ ᠰᠦᠢᠳᠭᠡᠯ ᠲᠣᠰᠢᠶ᠋ᠬᠠᠥ ᠵᠢᠴᠢ ᠨᠢᠭᠡᠨᠳᠡ ᠲᠠᠭᠠᠳᠬᠠᠯ ᠳᠤ ᠣᠷᠣᠯᠴᠬᠠᠰᠠᠨ ᠳᠥᠷᠦᠯ ᠰᠠᠳᠣᠨ ᠤ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠥᠮᠵᠢ ᠳᠤ ᠡᠪᠡᠳᠴᠢᠨ ᠦᠵᠡᠭᠦᠯᠬᠦ ᠡᠮ ᠬᠤᠳᠠᠯᠳᠣᠨ ᠠᠪᠬᠤ ᠳᠤ ᠬᠤᠪᠢ ᠬᠦᠮᠦᠨ ᠤ ᠥᠪᠡᠰᠦᠪᠡᠨ ᠲᠤᠭᠠᠴᠠᠭ᠎ᠠ ᠬᠢᠬᠦ ᠡᠮᠴᠢᠯᠡᠭᠡᠨ ᠤ ᠵᠠᠷᠣᠳᠡᠯ ᠢ ᠨᠢ ᠲᠣᠰᠢᠶᠡᠬᠤ ᠶᠢ ᠳᠡᠮᠵᠢᠨ᠎ᠠ᠃    ᠠᠵᠢᠯ ᠠᠯᠳᠠᠭᠰᠠᠳ    ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠲᠦᠯᠦᠪᠦᠷᠢᠯᠡᠭᠰᠡᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ︵ᠦᠷᠡᠵᠢᠯ ᠤᠨ ᠳᠠᠭᠠᠳᠬᠠᠯ ᠢ ᠪᠠᠭᠲᠠᠭᠠᠨ᠎ᠠ︶ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠲᠠᠢ ᠠᠳᠠᠯᠢ ᠲᠡᠭᠰᠢ ᠪᠠᠷ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ ᠤᠨ ᠣᠯᠭᠤᠮᠵᠢ ᠬᠦᠷᠲᠡᠬᠦ ᠶᠢ ᠦᠨᠡᠨ ᠬᠦ ᠪᠠᠲᠤᠯᠠᠨ᠎ᠠ᠃    ᠬᠦᠴᠢᠷᠳᠡᠯᠲᠡᠢ ᠣᠯᠠᠨ ᠲᠦᠮᠡᠨ    ᠤᠨᠴᠠ ᠭᠦᠴᠢᠷᠳᠡᠯᠳᠡᠢ ᠭᠦᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠲᠠᠢ ᠭᠦᠮᠦᠰ᠂ ᠨᠦᠭᠦᠴᠡᠯ ᠳᠤ ᠨᠡᠶᠢᠴᠡᠭᠰᠡᠨ ᠳᠠᠬᠢᠨᠲᠠ ᠶᠠᠳᠠᠭᠤᠷᠠᠬᠤ ᠶᠢ ᠰᠡᠷᠬᠡᠶᠢᠯᠡᠬᠦ ᠬᠢᠨᠠᠨ ᠰᠢᠨᠵᠢᠬᠦ ᠡᠳᠡᠬᠡᠳ ᠵᠡᠷᠬᠡ ᠭᠦᠴᠢᠷᠳᠡᠯᠳᠡᠢ ᠤᠯᠠᠨ ᠲᠦᠮᠡᠨ ᠤ ᠲᠠᠭᠠᠳᠬᠠᠯ ᠳᠤ ᠤᠷᠤᠯᠴᠠᠬᠤ ᠶᠢ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ ᠲᠦᠷᠦᠯ ᠬᠤᠪᠢᠶᠠᠨ ᠲᠤᠰᠠᠯᠠᠨ᠎ᠠ᠃    ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠵᠠᠯᠭᠠᠭ᠎ᠠ ᠪᠠᠷ ᠣᠷᠣᠯᠴᠠᠭᠰᠠᠳ᠂ ᠲᠠᠩᠰᠠ ᠥᠯᠥ ᠲᠠᠶᠢᠯᠤᠭᠰᠠᠳ    ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠵᠠᠯᠭᠠᠭ᠎ᠠ ᠪᠠᠷ ᠪᠦᠬᠦᠯᠢ 4 ᠵᠢᠯ ᠣᠷᠣᠯᠴᠠᠭᠰᠠᠳ᠂ ᠲᠠᠪᠤᠳᠤᠭᠠᠷ ᠵᠢᠯ ᠠᠴᠠ ᠨᠢ ᠡᠬᠢᠯᠡᠵᠦ ᠢᠯᠡᠭᠦᠦ 1 ᠵᠢᠯ ᠳᠠᠭᠠᠳᠬᠠᠯ ᠳᠤ ᠣᠷᠣᠯᠴᠠᠬᠤ ᠪᠦᠷᠢ ᠬᠦᠨᠳᠦ ᠡᠪᠡᠳᠴᠢᠨ ᠤ ᠳᠠᠭᠠᠳᠬᠠᠯ ᠤᠨ ᠲᠦᠯᠦᠪᠦᠷᠢᠯᠡᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠵᠣᠬᠢᠰᠲᠠᠶ ᠳᠡᠭᠡᠭᠰᠢᠯᠡᠭᠦᠯᠵᠦ ᠪᠣᠯᠤᠨ᠎ᠠ᠃    ᠲᠣᠰ ᠵᠢᠯ ᠤᠨ ᠰᠠᠭᠤᠷᠢ ᠮᠥᠩᠭᠦᠨ ᠠᠴᠠ ᠳᠠᠩᠰᠠ ᠥᠯᠥ ᠲᠠᠶᠢᠯᠤᠭᠰᠠᠳ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠳᠠᠷᠠᠭ᠎ᠠ ᠵᠢᠯ ᠳᠤ ᠨᠢ ᠬᠦᠨᠳᠦ ᠡᠪᠡᠳᠴᠢᠨ ᠤ ᠳᠠᠭᠠᠳᠬᠠᠯ ᠤᠨ ᠲᠦᠯᠦᠪᠦᠷᠢᠯᠡᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠨᠢ ᠳᠡᠭᠡᠭᠰᠢᠯᠡᠭᠦᠯᠵᠦ ᠪᠣᠯᠤᠨ᠎ᠠ᠃    ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠳ ᠢ ᠤᠷᠮᠠᠰᠢᠭᠤᠯᠬᠤ ᠪᠠ ᠳᠠᠩᠰᠠ ᠥᠯᠥ ᠲᠠᠶᠢᠯᠤᠭᠰᠠᠳ ᠢ ᠤᠷᠮᠠᠰᠢᠭᠤᠯᠵᠤ᠂ ᠵᠠᠷᠴᠢᠮ ᠳᠡᠭᠡᠷ᠎ᠡ ᠪᠠᠨ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠳᠡᠭᠡᠭᠰᠢᠯᠡᠭᠦᠯᠬᠦ ᠳᠤ ᠤᠳᠠᠭ᠎ᠠ ᠪᠦᠷᠢ 1000 ᠲᠥᠭᠦᠷᠢᠭ ᠠᠴᠠ ᠳᠣᠣᠷ᠎ᠠ ᠥᠬᠡᠶ ᠪᠠᠶᠢᠯᠭᠠᠵᠤ᠂ ᠤᠳᠠᠭ᠎ᠠ ᠪᠦᠷᠢ ᠶᠢᠨ ᠳᠡᠭᠡᠭᠰᠢᠯᠡᠭᠦᠯᠦᠭᠰᠡᠨ ᠶᠡᠷᠦᠩᠬᠡᠶ ᠲᠤᠭ᠎ᠠ ᠶᠢ ᠤᠤᠯ ᠤᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠬᠦᠨᠳᠦ ᠡᠪᠡᠳᠴᠢᠨ ᠤ ᠳᠠᠭᠠᠳᠬᠠᠯ ᠤᠨ ᠤᠤᠯ ᠤᠨ ᠬᠢᠵᠠᠭᠠᠷᠯᠠᠬᠤ ᠱᠤᠭᠤᠮ ᠤᠨ 20% ᠠᠴᠠ ᠬᠡᠲᠦᠷᠡᠭᠦᠯᠬᠦ ᠥᠬᠡᠶ᠃ ᠰᠠᠭᠤᠭᠠᠯᠢ ᠠᠷᠠᠳ ᠬᠦᠨᠳᠦ ᠡᠪᠡᠳᠴᠢᠨ ᠤ ᠰᠦᠢᠳᠭᠡᠯ ᠢᠶᠠᠨ ᠳᠠᠩᠰᠠ ᠠᠴᠠ ᠲᠠᠶᠢᠯᠤᠭᠰᠠᠨ ᠤ ᠬᠠᠮᠲᠤ ᠬᠥᠬᠢᠭᠦᠯᠦᠨ ᠱᠠᠩᠨᠠᠬᠤ ᠲᠤᠭ᠎ᠠ ᠬᠡᠮᠵᠢᠶ᠎ᠡ ᠶᠢ ᠬᠡᠷᠡᠭᠯᠡᠭᠰᠡᠨ ᠤ ᠳᠠᠷᠠᠭ᠎ᠠ᠂ ᠡᠮᠦᠨᠡᠬᠢ ᠬᠤᠭᠤᠴᠠᠭᠠᠨ ᠳᠤ ᠨᠢᠭᠡᠨᠲᠡ ᠬᠤᠷᠠᠮᠳᠤᠭᠤᠯᠤᠭᠰᠠᠨ ᠲᠠᠩᠰᠠ ᠥᠯᠥ ᠲᠠᠶᠢᠯᠤᠭᠰᠠᠳ ᠢ ᠤᠷᠮᠠᠰᠢᠭᠤᠯᠬᠤ ᠲᠤᠭ᠎ᠠ ᠬᠡᠮᠵᠢᠶ᠎ᠡ ᠶᠢ ᠨᠢ ᠪᠤᠴᠠᠭᠠᠭᠠᠳ ᠲᠡᠭ ᠪᠣᠯᠭᠠᠨ᠎ᠠ᠃    ᠡᠳᠡᠭᠡᠷ ᠬᠦᠮᠦᠰ ᠳᠠᠭᠠᠳᠬᠠᠯ ᠳᠤ ᠣᠷᠣᠯᠴᠠᠬᠤ ᠳᠤ ᠬᠤᠪᠢᠷᠠᠯᠲᠠ ᠭᠠᠷᠴᠠᠢ —    ᠳᠠᠭᠠᠳᠬᠠᠯ ᠢᠶᠠᠨ ᠲᠠᠰᠤᠯᠳᠠᠭᠤᠯᠤᠭᠠᠳ ᠳᠠᠬᠢᠨᠲᠠ ᠳᠠᠭᠠᠳᠬᠠᠯ ᠳᠤ ᠣᠷᠣᠯᠴᠠᠭᠰᠠᠳ᠂ ᠴᠠᠭ ᠲᠤ ᠪᠠᠨ ᠳᠠᠭᠠᠳᠬᠠᠯ ᠳᠤ ᠣᠷᠣᠯᠴᠠᠭᠰᠠᠨ ᠦᠭᠡᠢ ᠬᠥᠮᠦᠰ    2025 ᠣᠨ ᠠᠴᠠ ᠡᠬᠢᠯᠡᠨ᠂ ᠳᠠᠭᠠᠳᠬᠠᠯ ᠢᠶᠠᠨ ᠲᠠᠰᠤᠯᠳᠠᠭᠤᠯᠤᠭᠠᠳ ᠳᠠᠬᠢᠨᠲᠠ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠬᠦᠨᠳᠦ ᠡᠪᠡᠳᠴᠢᠨ ᠤ ᠳᠠᠭᠠᠳᠬᠠᠯ ᠤᠨ ᠲᠦᠯᠦᠪᠦᠷᠢᠯᠡᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠨᠢ ᠪᠠᠭᠤᠷᠠᠭᠤᠯᠵᠤ ᠪᠣᠯᠤᠨ᠎ᠠ᠃    ᠳᠠᠭᠠᠳᠬᠠᠯ ᠢᠶᠠᠨ ᠲᠠᠰᠤᠯᠳᠠᠭᠤᠯᠤᠭᠠᠳ ᠳᠠᠬᠢᠨᠲᠠ ᠳᠠᠭᠠᠳᠬᠠᠯ ᠳᠤ ᠣᠷᠤᠯᠴᠠᠪᠠᠯ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠣᠨ ᠤ ᠲᠤᠭ᠎ᠠ ᠶᠢ ᠳᠠᠬᠢᠵᠤ ᠰᠢᠨ᠎ᠡ ᠪᠠᠷ ᠪᠣᠳᠣᠨ᠎ᠠ᠃ ᠪᠣᠳᠠᠲᠠᠶ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠡᠯ᠎ᠡ ᠮᠤᠵᠢ ᠶᠢᠨ ᠬᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ ᠵᠡᠷᠭᠡ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃    2025 ᠣᠨ ᠠᠴᠠ ᠡᠬᠢᠯᠡᠨ᠂ ᠰᠠᠶ᠋ᠢ ᠲᠥᠷᠥᠭᠰᠡᠨ ᠬᠡᠤᠬᠡᠳ ᠵᠡᠷᠭᠡ ᠣᠨᠴᠠᠭᠠᠶ ᠬᠥᠮᠦᠰ ᠠᠴᠠ ᠭᠠᠳᠠᠨ᠎ᠠ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠲᠥᠪᠯᠡᠷᠡᠭᠦᠯᠦᠨ ᠣᠷᠣᠯᠴᠠᠵᠤ ᠪᠠᠶᠢᠭ᠎ᠠ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠨ ᠥᠬᠡᠶ ᠪᠤᠶᠤ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ ᠤᠨ ᠳᠠᠭᠠᠳᠬᠠᠯ ᠳᠤ ᠣᠷᠣᠯᠴᠠᠭᠰᠠᠨ ᠤ ᠳᠠᠷᠠᠭᠠᠬᠢ ᠲᠣᠭᠲᠠᠮᠠᠯ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ 3 ᠰᠠᠷ᠎ᠠ ᠪᠠᠷ ᠲᠣᠬᠢᠷᠠᠭᠤᠯᠤᠨ᠎ᠠ︔ ᠡᠭᠦᠨ ᠳᠤ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠦᠭᠡᠢ ᠪᠣᠯ ᠳᠠᠭᠠᠳᠬᠠᠯ ᠢ ᠢᠯᠡᠭᠦᠦ 1 ᠵᠢᠯ ᠲᠠᠰᠤᠯᠳᠠᠭᠤᠯᠬᠤ ᠪᠣᠯᠭᠠᠨ ᠵᠠᠷᠴᠢᠮ ᠳᠡᠭᠡᠷ᠎ᠡ ᠪᠠᠨ ᠲᠣᠭᠲᠠᠮᠠᠯ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ 1 ᠰᠠᠷ᠎ᠠ ᠨᠡᠮᠡᠭᠳᠡᠭᠦᠯᠵᠦ᠂ ᠳᠠᠭᠠᠳᠬᠠᠯ ᠳᠤ ᠣᠷᠣᠯᠴᠠᠭᠰᠠᠳ ᠰᠦᠢᠳᠬᠡᠯ ᠲᠤᠰᠢᠶᠠᠬᠤ ᠪᠠᠷ ᠳᠠᠮᠵᠢᠨ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ ᠵᠠᠰᠠᠨ ᠰᠡᠷᠭᠦᠭᠡᠵᠦ᠂ ᠢᠯᠡᠭᠦᠦ 1 ᠵᠢᠯ ᠲᠤᠰᠢᠶᠠᠬᠤ ᠪᠦᠷᠢ ᠬᠤᠪᠢᠷᠠᠯᠲᠠ ᠭᠠᠷᠤᠭᠰᠠᠨ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ 1 ᠰᠠᠷ᠎ᠠ         ᠪᠤᠭᠤᠨᠢᠰᠬᠠᠨ᠂ 4 ᠵᠢᠯ ᠵᠢᠴᠢ ᠲᠡᠭᠦᠨ ᠠᠴᠠ ᠳᠡᠭᠡᠭᠰᠢ ᠵᠠᠯᠭᠠᠭ᠎ᠠ ᠪᠠᠷ ᠲᠠᠰᠤᠯᠳᠠᠭᠤᠯᠤᠭᠰᠠᠨ ᠪᠣᠯ ᠵᠠᠰᠠᠨ ᠰᠡᠷᠭᠦᠭᠡᠭᠰᠡᠨ ᠤ ᠳᠠᠷᠠᠭᠠᠬᠢ ᠲᠣᠭᠲᠠᠮᠠᠯ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠪᠠ ᠬᠤᠪᠢᠷᠠᠯᠲᠠ ᠭᠠᠷᠣᠭᠰᠠᠨ ᠬᠠᠷᠠᠭᠠᠯᠵᠠᠯ ᠤᠨ ᠬᠦᠯᠢᠶᠡᠬᠦ ᠬᠤᠭᠤᠴᠠᠭᠠᠨ ᠤ ᠨᠡᠶᠢᠯᠡᠪᠦᠷᠢ ᠶᠢ ᠵᠠᠷᠴᠢᠮ ᠳᠡᠭᠡᠷ᠎ᠡ ᠪᠠᠨ 6 ᠰᠠᠷ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠢ᠃    ᠲᠤᠰᠢᠶᠠᠬᠤ ᠰᠦᠢᠳᠬᠡᠯ ᠢ ᠲᠤᠰ ᠵᠢᠯ ᠤᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠬᠤᠪᠢ ᠬᠥᠮᠦᠨ ᠤ ᠲᠤᠰᠢᠶᠠᠬᠤ ᠰᠦᠢᠳᠬᠡᠯ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠨ᠎ᠠ᠃ ᠬᠦᠯᠢᠶᠡᠬᠦ ᠬᠤᠭᠤᠴᠠᠭᠠᠨ ᠤ ᠪᠣᠳᠠᠲᠠᠢ ᠪᠠᠷᠢᠮᠵᠢᠶ᠎ᠠ ᠶᠢ ᠡᠯ᠎ᠡ ᠮᠤᠵᠢ ᠥᠪᠡᠷᠰᠡᠳ ᠤᠨ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号