ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯᠯᠠᠬᠤ ᠳᠤᠭᠤᠶᠢᠯᠠᠩ2024 ᠣᠨ ᠤ 8 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/19
      7 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯᠯᠠᠬᠤ ᠳᠤᠭᠤᠶᠢᠯᠠᠩ ᠤᠨ 2024 ᠣᠨ ᠤ 8 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯᠯᠠᠬᠤ  ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ  ᠃      ᠬᠤᠷᠠᠯ ᠤᠨ ᠬᠤᠭᠤᠴᠠᠭᠠᠨ ᠳᠤ᠂ ᠰᠡᠷᠡᠮᠵᠢᠯᠡᠭᠦᠯᠬᠦ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠬᠤᠷᠠᠯ ᠳᠤ ᠣᠷᠣᠯᠴᠠᠭᠰᠠᠳ ᠬᠠᠮᠲᠤ ᠪᠠᠷ ᠬᠤᠰᠢᠭᠤ ᠠᠷᠢᠭᠤᠨ ᠴᠢᠬᠡᠴᠢ ᠶᠢᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠬᠠᠮᠲᠤ  ᠪᠠᠷ ᠳᠠᠬᠢᠨ ᠡᠷᠭᠢᠴᠡᠭᠦᠯᠵᠦ᠂ ᠠᠷᠢᠭᠤᠨ ᠴᠢᠬᠡᠴᠢ ᠶᠢᠨ ᠰᠣᠶᠣᠯ ᠤᠨ ᠬᠥᠮᠦᠵᠢᠯ ᠤᠨ ᠦᠵᠡᠯ ᠰᠠᠨᠠᠭᠠᠨ ᠤ ᠳᠠᠪᠲᠠᠯᠲᠠ  ᠶᠢ ᠬᠦᠯᠢᠶᠡᠬᠦ ᠶᠢᠨ ᠬᠠᠮᠲᠤ᠂ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠲᠤᠳᠬᠠᠪᠠ  ᠃      ᠬᠤᠷᠠᠯ ᠠᠴᠠ ︿︿ᠶᠡᠷᠦᠩᠬᠡᠢ ᠱᠦᠵᠢ ᠰᠢ ᠶᠢᠨ ᠫᠢᠩ ᠤᠨ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ  ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ﹀﹀᠂ ︿︿ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ﹀﹀ ︿︿ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠥᠭᠦᠯᠡᠯᠲᠡ ᠶᠢᠨ         ᠲᠡᠭᠦᠪᠦᠷᠢ 》《 ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠬᠤ               ᠬᠥᠲᠥᠯᠪᠦᠷᠢ 》《 ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ 》      《 ᠶᠡᠷᠦᠩᠬᠡᠢ ᠱᠦᠵᠢ ᠰᠢ ᠶᠢᠨ ᠫᠢᠩ ᠤᠨ ᠶᠠᠨ ᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ  ᠤ ᠵᠣᠷᠢᠭ ᠰᠠᠨᠠᠭ᠎ᠠ︾《 ᠶᠡᠷᠦᠩᠬᠡᠢ ᠱᠦᠵᠢ ᠰᠢ ᠶᠢᠨ ᠫᠢᠩ ᠤᠨ ᠱᠠᠨᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ  ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ 》ᠵᠡᠷᠭᠡ ᠠᠭᠤᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ  ᠃      ᠬᠤᠷᠠᠯ  ᠠᠴᠠ ᠱᠠᠭᠠᠷᠳᠠᠬᠤ ᠳᠤ ᠪᠠᠨ᠂ ᠡᠯ᠎ᠡ ᠱᠠᠲᠤᠨ ᠤ ᠤᠳᠤᠷᠢᠳᠬᠤ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ᠲᠡᠭᠡᠬᠦ ᠮᠥᠷᠲᠡᠭᠡᠨ ᠡᠨᠡ ᠤᠳᠠᠭᠠᠨ ᠤ ᠰᠡᠷᠡᠮᠵᠢᠯᠡᠭᠦᠯᠬᠦ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠦᠰᠡᠯᠡᠩ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠳᠤᠳᠬᠠᠵᠤ᠂ ᠬᠠᠤᠯᠢ ᠪᠠᠷ ᠵᠠᠰᠠᠬᠤ ᠬᠥᠮᠦᠵᠢᠯ ᠢ ᠴᠢᠩᠭᠠᠳᠬᠠᠨ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠤᠯᠤᠰ ᠲᠥᠷᠥ ᠶᠢᠨ ᠤᠬᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠬᠦᠴᠦᠨ᠂ ᠨᠠᠮ ᠪᠠ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠷᠠᠳ ᠤᠯᠠᠨ ᠤ ᠪᠠᠴᠢᠮ ᠲᠤᠯᠭᠠᠮ᠎ᠠ ᠪᠠ ᠬᠦᠴᠢᠷ ᠵᠣᠪᠠᠭᠤᠷᠢ ᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠂ ᠢᠮᠠᠭᠲᠠ ᠠᠷᠠᠳ ᠤᠨ ᠲᠥᠯᠥᠭᠡ ᠠᠵᠢᠯᠴᠢ ᠬᠢᠴᠢᠶᠡᠩᠭᠦᠶ ᠪᠠᠷ ᠵᠠᠰᠠᠭ         ᠪᠠᠷᠢᠬᠤ᠂ ᠦᠨᠡᠨ ᠬᠦ ᠠᠳᠬᠤᠵᠤ ᠪᠣᠳᠠᠲᠠᠶ ᠬᠢᠬᠦ᠂ ᠢᠯᠵᠠᠷᠠᠯ ᠢ ᠡᠰᠡᠷᠭᠦᠴᠡᠵᠦ  ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠴᠣᠭᠴᠠᠯᠠᠬᠤ ᠬᠡᠷᠡᠭᠲᠡᠶ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠵᠡᠭᠦᠨ ᠦᠵᠦᠮᠦᠴᠢᠨ ᠬᠤᠰᠢᠭᠤᠨ ᠤ ᠡᠯ᠎ᠡ ᠲᠥᠷᠥᠯ ᠤᠨ ᠠᠵᠢᠯ ᠦᠶᠯᠡᠰ  ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠡᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号