7 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠵᠧᠦ ᠢᠦᠢ ᠯᠦᠩ ᠡᠩ ᠤᠨ ᠠᠷᠠᠳ ᠤᠨ ᠲᠥᠯᠥᠭᠡᠯᠡᠭᠴᠢ ᠶᠢᠨ ᠬᠤᠪᠢ ᠪᠠᠷ ︽ᠠᠷᠠᠳ ᠤᠨ ᠰᠠᠨᠠᠯ᠂ | ᠲᠥᠯᠥᠭᠡᠯᠡᠭᠴᠢᠳ ᠤᠨ ᠪᠣᠯᠵᠤᠭ᠎ᠠ︾ ᠬᠠᠲᠠᠪᠴᠢ ᠪᠠᠯᠭᠠᠰᠤᠨ ᠤ ᠰᠣᠩᠭᠤᠭᠤᠯᠢ ᠶᠢᠨ ᠲᠣᠭᠤᠷᠢᠭ ᠤᠨ ᠬᠤᠰᠢᠭᠤ | ᠳᠡᠰ ᠤᠨ ᠠᠷᠠᠳ ᠤᠨ ᠲᠥᠯᠥᠭᠡᠯᠡᠭᠴᠢᠳ ᠤᠨ ︽ᠬᠤᠤᠰ ᠬᠠᠷᠢᠯᠴᠠᠬᠤ ︾ ᠠᠵᠢᠯᠯᠠᠭ᠎ᠠ ᠳᠤ ᠣᠷᠣᠯᠴᠠᠪᠠ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠪᠤᠤ ᠸᠠᠨ ᠬᠤᠸᠠ ᠪᠣᠯᠣᠨ ᠬᠠᠲᠠᠪᠴᠢ ᠪᠠᠯᠭᠠᠰᠤᠨ ᠤ ᠰᠣᠩᠭᠤᠭᠤᠯᠢ ᠶᠢᠨ ᠲᠣᠭᠤᠷᠢᠭ ᠤᠨ ᠬᠡᠰᠡᠭ | ᠬᠤᠰᠢᠭᠤ ᠱᠠᠲᠤᠨ ᠤ ᠠᠷᠠᠳ ᠤᠨ ᠲᠥᠯᠥᠭᠡᠯᠡᠭᠴᠢ ᠪᠠ ᠰᠣᠩᠭᠤᠭᠤᠯᠢ ᠶᠢᠨ ᠠᠷᠠᠳ ᠠᠵᠢᠯᠯᠠᠭ᠎ᠠ ᠳᠤ ᠣᠷᠣᠯᠴᠠᠪᠠ᠃ | | ᠠᠵᠢᠯᠯᠠᠭ᠎ᠠ ᠳᠤ᠂ ᠬᠠᠲᠠᠪᠴᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢ ᠠᠴᠠ ᠬᠠᠲᠠᠪᠴᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ | ᠭᠦᠶᠴᠡᠳᠬᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠬᠤᠰᠢᠭᠤ ᠠᠷᠠᠳ ᠤᠨ ᠲᠥᠯᠥᠭᠡᠯᠡᠭᠴᠢ | ᠪᠣᠣ ᠸᠠᠨ ᠬᠤᠸᠠ᠂ ᠤᠷᠠᠨ᠎ᠠ ᠲᠣᠰ ᠲᠣᠰ ᠲᠤᠬᠠᠶ ᠶᠢᠨ ᠲᠠᠯᠠᠪᠠᠶ ᠳᠤ ᠲᠤᠰᠢᠶᠠᠯ ᠤᠨ ᠮᠡᠳᠡᠭᠦᠯᠦᠯᠲᠡ ᠬᠢᠪᠠ᠃ | ᠳᠠᠷᠠᠭ᠎ᠠ ᠨᠢ᠂ ᠵᠧᠦ ᠢᠦᠢ ᠯᠦᠩ ᠠᠷᠠᠳ ᠤᠨ ᠲᠥᠯᠥᠭᠡᠯᠡᠭᠴᠢ᠂ ᠰᠣᠩᠭᠤᠭᠤᠯᠢ ᠶᠢᠨ ᠠᠷᠠᠳ ᠲᠠᠢ ᠪᠣᠭᠤᠮᠲᠠ ᠶᠢᠨ | ᠠᠵᠤ ᠠᠬᠤᠶ ᠶᠢᠨ ᠬᠥᠭᠵᠢᠯᠲᠡ ᠶᠢ ᠵᠢᠷᠤᠮᠵᠢᠭᠤᠯᠬᠤ᠂ ᠮᠠᠯ ᠵᠢᠭᠦᠷᠲᠡᠨ ᠢ ᠨᠢᠲᠤᠯᠬᠤ ᠬᠢᠵᠢᠭ ᠪᠠᠶᠢᠴᠠᠭᠠᠯᠲᠠ᠂ | ᠮᠠᠯᠵᠢᠬᠤ ᠣᠷᠣᠨ ᠤ ᠴᠠᠬᠢᠯᠭᠠᠨ ᠬᠡᠷᠡᠭᠯᠡᠬᠦ᠂ ᠵᠠᠮ ᠬᠠᠷᠢᠯᠴᠠᠭ᠎ᠠ ᠴᠢᠮᠡᠭᠡ ᠬᠤᠯᠪᠣᠭ᠎ᠠ ᠵᠡᠷᠭᠡ ᠠᠰᠠᠭᠤᠳᠠᠯ ᠤᠨ | ᠲᠣᠭᠤᠷᠢᠨ ᠳᠤ ᠭᠦᠨᠵᠡᠭᠡᠶ ᠶᠠᠷᠢᠯᠴᠠᠪᠠ᠃ ᠵᠧᠦ ᠢᠦᠢ ᠯᠦᠩ ᠨᠠᠷᠢᠨ ᠬᠢᠨᠠᠮᠠᠭᠠᠢ ᠰᠣᠨᠣᠰᠴᠤ᠂ ᠨᠠᠷᠢᠨ ᠲᠡᠮᠳᠡᠭᠯᠡᠵᠦ᠂ | ᠲᠥᠯᠥᠭᠡᠯᠡᠭᠴᠢ᠂ ᠰᠣᠩᠭᠤᠭᠤᠯᠢ ᠶᠢᠨ ᠠᠷᠠᠳ ᠤᠨ ᠲᠤᠬᠠᠢ ᠶᠢᠨ ᠲᠠᠯᠠᠪᠠᠢ ᠳᠤ ᠳᠤᠷᠠᠳᠤᠭᠰᠠᠨ ᠰᠠᠨᠠᠯ ᠰᠠᠨᠠᠭᠤᠯᠭ᠎ᠠ | ᠶᠢ ᠨᠢᠭᠡᠳ ᠨᠢᠭᠡ ᠪᠠᠷ ᠬᠠᠷᠢᠭᠤᠯᠪᠠ᠃ | ᠵᠧᠦ ᠢᠦᠢ ᠯᠦᠩ ᠢᠯᠡᠷᠬᠡᠶᠢᠯᠡᠬᠦ ᠳᠡᠭᠡᠨ᠂ ︽ᠠᠷᠠᠳ ᠤᠨ ᠰᠠᠨᠠᠯ᠂ ᠲᠥᠯᠥᠭᠡᠯᠡᠭᠴᠢᠳ ᠤᠨ ᠪᠣᠯᠵᠤᠭ᠎ᠠ︾ | ᠬᠤᠰᠢᠭᠤ ᠳᠡᠰ ᠤᠨ ᠠᠷᠠᠳ ᠤᠨ ᠲᠥᠯᠥᠭᠡᠯᠡᠭᠴᠢᠳ ᠤᠨ ︽ᠬᠤᠤᠰ ᠬᠠᠷᠢᠯᠴᠠᠬᠤ︾ ᠠᠵᠢᠯᠯᠠᠭ᠎ᠠ ᠶᠢ ᠥᠷᠨᠢᠭᠦᠯᠬᠦ | ᠪᠣᠯ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠶᠯᠡᠳᠦᠯᠭᠡᠵᠢᠭᠦᠯᠬᠦ ᠴᠢᠬᠤᠯᠠ ᠭᠠᠷᠳᠠᠴᠠ ᠮᠥᠨ᠂ ᠠᠷᠠᠳ | ᠤᠨ ᠲᠥᠯᠥᠭᠡᠯᠡᠭᠴᠢ ᠪᠣᠯᠤᠨ ᠠᠷᠠᠳ ᠣᠯᠠᠨ ᠤ ᠬᠠᠷᠢᠯᠴᠠᠭ᠎ᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠂ | ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠴᠢᠶᠠᠯᠠᠪᠤᠷᠢ ᠮᠥᠨ᠃ ᠡᠯ᠎ᠡ | ᠱᠠᠲᠤᠨ ᠤ ᠠᠷᠠᠳ ᠤᠨ ᠲᠥᠯᠥᠭᠡᠯᠡᠭᠴᠢᠳ ᠡᠷᠬᠡᠪᠰᠢ ᠲᠠᠨᠢᠯᠲᠠ ᠪᠠᠨ ᠳᠡᠭᠡᠭᠰᠢᠯᠡᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠠᠶᠢᠨ ᠲᠥᠯᠥᠭᠡᠯᠡᠭᠴᠢ ᠪᠣᠯᠬᠤ ᠬᠠᠷᠢᠭᠤᠴᠠᠯᠭᠠᠲᠤ ᠰᠡᠳᠬᠢᠯᠭᠡ ᠪᠠᠨ | ᠴᠢᠩᠭᠠᠳᠬᠠᠵᠤ᠂ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠬᠤ᠂ ᠬᠢᠨᠠᠯᠲᠠ ᠲᠠᠯᠪᠢᠵᠤ ᠠᠬᠢᠭᠤᠯᠬᠤ ᠪᠠ | ᠬᠥᠭᠦᠷᠭᠡ ᠬᠤᠯᠪᠣᠭᠠᠰᠤ ᠶᠢᠨ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠣᠯᠠᠨ ᠲᠦᠮᠡᠨ ᠤ ᠪᠤᠳᠤᠵᠤ ᠪᠠᠶᠢᠭ᠎ᠠ᠂ | ᠬᠦᠰᠡᠵᠦ ᠪᠠᠶᠢᠭ᠎ᠠ᠂ ᠪᠣᠳᠣᠯᠬᠢᠯᠠᠵᠤ ᠪᠠᠶᠢᠭ᠎ᠠ ᠵᠦᠶᠯ ᠢ ᠴᠠᠭ ᠲᠤᠬᠠᠶ ᠳᠤᠨᠢ ᠬᠤᠰᠢᠭᠤ ᠨᠠᠮ ᠤᠨ ᠬᠤᠷᠢᠶ᠎ᠠ᠂ ᠵᠠᠰᠠᠭ | ᠤᠨ ᠣᠷᠳᠣᠨ ᠳᠤ ᠲᠤᠰᠬᠠᠵᠤ᠂ ᠨᠠᠮ ᠪᠣᠯᠤᠨ ᠠᠷᠠᠳ ᠣᠯᠠᠨ ᠤ ᠬᠤᠭᠤᠷᠣᠨᠳᠣᠬᠢ ︽ᠰᠡᠳᠬᠢᠯ ᠤᠨ ᠬᠤᠯᠪᠣᠭᠠᠰᠤ︾ | ᠶᠢ ᠦᠨᠡᠨᠬᠦ ᠪᠣᠶ ᠪᠣᠯᠭᠠᠵᠤ᠂ ᠠᠷᠠᠳ ᠣᠯᠠᠨ ᠤ ︽ᠰᠡᠳᠬᠢᠯ ᠢ ᠮᠡᠳᠡᠭᠴᠢ︾᠂ ︽ᠰᠡᠳᠬᠢᠯ ᠢ | ᠳᠤᠯᠠᠭᠠᠴᠠᠭᠤᠯᠤᠭᠴᠢ︾ ᠪᠠ ︽ᠣᠷᠣᠯᠠᠨ ᠥᠭᠦᠯᠡᠭᠴᠢ︾ ᠪᠣᠯᠬᠤ ᠬᠡᠷᠡᠭᠲᠡᠶ᠃ ᠡᠭᠦᠨ ᠤ ᠬᠠᠮᠲᠤ᠂ ᠠᠷᠠᠳ ᠤᠨ | ᠲᠥᠯᠥᠭᠡᠯᠡᠭᠴᠢᠳ ᠵᠢᠱᠢᠶ᠎ᠡ ᠦᠵᠡᠭᠦᠯᠵᠦ ᠥᠯᠢᠭᠡᠷ ᠳᠠᠭᠤᠷᠢᠶᠠᠯ ᠪᠣᠯᠬᠤ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ | ᠪᠥᠬᠦ ᠬᠤᠰᠢᠭᠤᠨ ᠤ ᠠᠵᠤ ᠠᠬᠤᠶ᠂ ᠤᠯᠤᠰ ᠲᠥᠷᠥ᠂ ᠰᠣᠶᠣᠯ᠂ ᠨᠡᠶᠢᠭᠡᠮ ᠤᠨ ᠡᠯ᠎ᠡ ᠲᠠᠯ᠎ᠠ ᠶᠢᠨ ᠪᠥᠲᠥᠭᠡᠨ | ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠵᠢᠱᠢᠶᠡᠴᠢ ᠳᠠᠭᠠᠭᠤᠯᠬᠤ ᠦᠶᠯᠡᠳᠦᠯ ᠢᠶᠠᠨ ᠭᠦᠶᠴᠡᠳ | ᠪᠠᠳᠠᠷᠠᠭᠤᠯᠵᠤ᠂ ᠠᠵᠢᠯ ᠬᠢᠵᠦ ᠦᠶᠯᠡᠰ ᠪᠤᠰᠬᠠᠬᠤ ᠥᠯᠢᠭᠡᠷ ᠳᠠᠭᠤᠷᠢᠶᠠᠯ᠂ ᠠᠷᠠᠳ ᠲᠦᠮᠡᠨ ᠳᠤ ᠦᠶᠯᠡᠴᠢᠯᠡᠬᠦ | ᠥᠯᠢᠭᠡᠷ ᠳᠠᠭᠤᠷᠢᠶᠠᠯ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠥᠯᠢᠭᠡᠷ ᠳᠠᠭᠤᠷᠢᠶᠠᠯ᠂ | ᠠᠵᠢᠯᠴᠢ ᠬᠢᠴᠢᠶᠡᠩᠭᠦᠶ ᠪᠠᠷ ᠬᠤᠪᠢ ᠨᠡᠮᠡᠷᠢ ᠦᠵᠡᠭᠦᠯᠬᠦ ᠥᠯᠢᠭᠡᠷ ᠳᠠᠭᠤᠷᠢᠶᠠᠯ ᠪᠣᠯᠵᠣ᠂ ᠲᠠᠪᠤᠨ ᠶᠡᠭᠡ ᠡᠭᠦᠷᠭᠡ ᠶᠢ | ᠴᠢᠨᠠᠷ ᠰᠠᠶᠢᠲᠠᠶ ᠪᠡᠶᠡᠯᠡᠭᠦᠯᠬᠦ ᠪᠠ ︿︿ᠵᠢᠱᠢᠶᠡᠴᠢ ᠥᠪᠡᠷᠲᠡᠭᠡᠨ ᠵᠠᠰᠠᠬᠤ ᠣᠷᠣᠨ﹀﹀ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠭᠦᠯᠡᠨ ᠭᠠᠪᠢᠶ᠎ᠠ ᠪᠠᠶᠢᠭᠤᠯᠤᠨ | ᠦᠶᠯᠡᠰ ᠪᠤᠰᠬᠠᠵᠤ᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳ ᠤᠨ ᠲᠥᠯᠥᠭᠡᠯᠡᠭᠴᠢ | ᠶᠢᠨ ᠴᠠᠭ ᠦᠶ᠎ᠡ ᠶᠢᠨ ᠴᠤᠭ ᠵᠢᠪᠬᠤᠭ᠎ᠠ ᠶᠢ ᠭᠦᠶᠴᠡᠳ ᠢᠯᠡᠷᠡᠭᠦᠯᠬᠦ ᠬᠡᠷᠡᠭᠲᠡᠶ ᠭᠡᠵᠡᠢ᠃ | ᠶᠠᠷᠢᠯᠴᠠᠬᠤ ᠬᠤᠷᠠᠯ ᠤᠨ ᠳᠠᠷᠠᠭ᠎ᠠ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ | ᠵᠠᠬᠢᠷᠤᠯ ᠵᠣᠷᠢᠭᠲᠤ ︿︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ﹀﹀ ᠭᠤᠤᠯ ᠰᠡᠳᠦᠪ ᠤᠨ ᠲᠣᠭᠤᠷᠢᠨ ᠳᠤ ᠲᠥᠯᠥᠭᠡᠯᠡᠭᠴᠢ᠂ ᠰᠣᠩᠭᠤᠭᠤᠯᠢ ᠶᠢᠨ ᠠᠷᠠᠳ ᠲᠤ ᠲᠤᠰᠬᠠᠶ | ᠰᠡᠳᠦᠪ ᠢᠶᠠᠷ ᠬᠢᠴᠢᠶᠡᠯ ᠣᠷᠣᠪᠠ᠃ |