ᠡᠨᠡ ᠵᠢᠯ ᠠᠴᠠ ᠨᠠᠭᠠᠰᠢ᠂ ᠰᠢᠯᠢ ᠶᠢᠨ ᠭᠤᠤᠯ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠶᠠᠪᠣᠳᠠᠯ ᠤᠨ ᠠᠯᠪᠠᠨ ᠬᠡᠷ ᠤᠨ ᠬᠦᠴᠦᠲᠡᠶ ᠵᠢᠯᠣᠭᠤᠳᠣᠯᠭ᠎ᠠ | ᠳᠣᠤᠷ᠎ᠠ᠂ ᠵᠡᠭᠦᠨ ᠬᠠᠲᠠᠪᠴᠢ ᠪᠣᠭᠤᠮᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠪᠥᠬᠦ ᠬᠦᠴᠦᠨ ᠢᠶᠠᠷ ᠢᠶᠠᠨ ᠵᠣᠬᠢᠴᠠᠭᠤᠯᠤᠨ ᠠᠬᠢᠭᠤᠯᠵᠤ᠂ ᠲᠥᠷᠥᠯ ᠵᠦᠢᠯ ᠤᠨ ᠠᠬᠢᠴᠠ ᠶᠢ ᠱᠠᠭᠠᠷᠳᠠᠨ | ᠲᠣᠬᠢᠷᠠᠭᠤᠯᠵᠤ᠂ ᠪᠣᠭᠤᠮᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ | ᠲᠦᠷᠭᠡᠳᠬᠡᠨ ᠠᠬᠢᠭᠤᠯᠪᠠ᠃ ᠣᠳᠣᠬᠠᠨ ᠳᠤ᠂ ᠨᠢᠭᠡᠨᠲᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠳᠤ ᠣᠷᠣᠭᠤᠯᠤᠭᠰᠠᠨ | ᠵᠡᠭᠦᠨ ᠬᠠᠲᠠᠪᠴᠢ ᠪᠣᠭᠤᠮᠲᠠ ᠶᠢᠨ 7 ᠭᠤᠤᠯᠳᠠᠯᠭ᠎ᠠ ᠲᠠᠢ ᠲᠥᠷᠥᠯ ᠵᠦᠢᠯ ᠢ ᠪᠦᠬᠦᠨ ᠢ ᠠᠵᠢᠯ ᠡᠬᠢᠯᠡᠭᠦᠯᠵᠦ᠂ | ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ ᠨᠢ 100% ᠳᠤ ᠬᠥᠷᠪᠡ᠃ ᠡᠭᠦᠨ ᠳᠤ᠂ ᠨᠠᠨ ᠳ᠋ᠢᠩ | ᠨᠡᠭᠦᠷᠡᠰᠦᠨ ᠤ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠲᠥᠷᠥᠯ ᠵᠦᠢᠯ᠂ ᠯᠢᠩ ᠴᠢ | ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ᠂ ᠫᠧᠩ ᠴᠦᠩ | ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ᠂ ᠳ᠋ᠦᠩ ᠳ᠋ᠡ ᠪᠠᠷᠠᠭᠠᠨ ᠤ | ᠭᠦᠢᠯᠭᠡᠭᠡᠨ ᠤ ᠲᠣᠭᠤᠷᠢᠭ ᠤᠨ ᠬᠢᠨᠠᠨ ᠬᠠᠮᠢᠶᠠᠷᠬᠤ ᠬᠥᠮᠥᠷᠭᠡ ᠶᠢᠨ ᠲᠥᠷᠥᠯ ᠵᠦᠢᠯ ᠵᠡᠷᠭᠡ 4 ᠲᠣᠭᠤᠷᠢᠭ ᠤᠨ | ᠲᠥᠷᠥᠯ ᠵᠦᠢᠯ ᠨᠢᠭᠡᠨᠲᠡ ᠪᠣᠭᠤᠮᠲᠠ ᠶᠢᠨ ᠬᠢᠨᠠᠨ ᠬᠠᠮᠢᠶᠠᠷᠬᠤ ᠠᠵᠢᠯᠯᠠᠬᠤ ᠲᠠᠯᠠᠪᠤᠷ ᠤᠨ ᠬᠢᠷᠢ ᠬᠡᠮ ᠢ ᠣᠯᠤᠭᠰᠠᠨ | ᠪᠥᠭᠡᠳ ᠠᠰᠢᠭᠯᠠᠯᠲᠠ ᠳᠤ ᠣᠷᠣᠪᠠ᠃ | ᠵᠡᠭᠦᠨ ᠬᠠᠲᠠᠪᠴᠢ ᠵᠠᠰᠠᠮᠠᠯ ᠵᠠᠮ ᠤᠨ ᠪᠣᠭᠤᠮᠲᠠ ᠠᠴᠠ ᠪᠠᠷᠠᠭᠠᠨ ᠤ ᠭᠦᠢᠯᠭᠡᠭᠡᠨ ᠤ ᠲᠣᠭᠤᠷᠢᠭ ᠤᠨ | ᠲᠡᠭᠡᠭᠡᠪᠦᠷᠢ ᠶᠢᠨ ᠵᠠᠮ ᠤᠨ ᠲᠥᠷᠥᠯ ᠵᠦᠢᠯ ᠤᠨ ᠶᠡᠷᠦᠩᠬᠡᠶ ᠣᠷᠳᠣ ᠨᠢ 17.4 ᠺᠢᠯᠤᠮᠧᠲᠷ ᠪᠠᠶᠢᠵᠤ᠂ ᠪᠥᠲᠥᠭᠡᠨ | ᠪᠠᠶᠢᠭᠤᠯᠤᠯᠲᠠ ᠶᠢᠨ ᠪᠠᠷᠢᠮᠵᠢᠶ᠎ᠠ ᠨᠢ ᠭᠤᠷᠪᠠᠳᠤᠭᠠᠷ ᠳᠡᠰ ᠤᠨ ᠵᠠᠰᠠᠮᠠᠯ ᠵᠠᠮ᠂ ᠬᠦᠨᠳᠦ ᠠᠴᠢᠶᠠᠨ ᠤ ᠵᠠᠰᠠᠮᠠᠯ ᠵᠠᠮ ᠤᠨ | ᠪᠠᠷᠢᠮᠵᠢᠶ᠎ᠠ ᠪᠠᠷ ᠵᠢᠷᠤᠵᠤ ᠲᠥᠯᠥᠪᠯᠡᠨ᠎ᠡ᠃ ᠣᠳᠣᠬᠠᠨ ᠳᠤ ᠨᠢᠭᠡᠨᠲᠡ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ | ᠲᠤᠰᠠᠭᠠᠷᠯᠠᠬᠤ ᠲᠣᠤᠷ ᠵᠢᠴᠢ ᠬᠢᠨᠠᠨ ᠡᠵᠡᠮᠳᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠢᠵᠢ | ᠪᠥᠷᠢᠳᠦᠭᠦᠯᠦᠨ ᠬᠡᠷᠡᠭᠵᠢᠭᠦᠯᠵᠦ᠂ ᠲᠡᠭᠡᠭᠡᠪᠦᠷᠢ ᠶᠢᠨ ᠵᠠᠮ ᠤᠨ ᠪᠣᠭᠤᠮᠲᠠ ᠶᠢᠨ ᠬᠢᠨᠠᠨ ᠬᠠᠮᠢᠶᠠᠷᠬᠤ ᠴᠢᠳᠠᠪᠤᠷᠢ ᠪᠠ | ᠠᠮᠤᠷ ᠲᠦᠪᠰᠢᠨ ᠤ ᠪᠠᠲᠤᠯᠠᠭ᠎ᠠ ᠶᠢ ᠳᠡᠭᠡᠭᠰᠢᠯᠡᠭᠦᠯᠦᠨ᠂ 2024 ᠣᠨ ᠤ 10 ᠰᠠᠷ᠎ᠠ ᠳᠤ ᠪᠥᠲᠥᠭᠡᠨ | ᠪᠠᠶᠢᠭᠤᠯᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ | |