ᠾᠧᠨᠠᠨ ᠤ ᠵᠧᠩ ᠬᠠᠨ ᠤ ᠬᠠᠭᠤᠴᠢᠨ ᠬᠤᠲᠠ ᠠᠴᠠ ᠬᠠᠯᠬᠠᠭ᠎ᠠ ᠬᠤᠲᠠ ᠶᠢ ᠠᠩᠬ᠎ᠠ ᠤᠳᠠᠭ᠎ᠠ ᠢᠯᠡᠷᠡᠭᠦᠯᠪᠡ
ᠨᠡᠶᠢᠲᠡᠯᠡᠭᠰᠡᠨ ᠴᠠᠭ᠄
2024/8/20
    ᠬᠠᠭᠤᠴᠢ ᠰᠣᠳᠣᠯᠣᠭᠴᠢᠳ ᠾᠧᠨᠠᠨ ᠮᠤᠵᠢ ᠶᠢᠨ ᠰᠢᠨᠵᠧᠩ ᠬᠤᠲᠠ ᠶᠢᠨ ᠵᠧᠩ ᠬᠠᠨ ᠤ ᠬᠠᠭᠤᠴᠢᠨ ᠬᠤᠲᠠ ᠶᠢᠨ ᠵᠡᠭᠦᠨ ᠬᠤᠲᠠ ᠶᠢᠨ ᠬᠠᠭᠠᠯᠭ᠎ᠠ ᠬᠤᠶᠢᠲᠤ ᠬᠤᠲᠠ ᠶᠢᠨ ᠬᠠᠭᠠᠯᠭ᠎ᠠ ᠶᠢᠨ ᠪᠠᠭᠤᠷᠢ ᠶᠢᠨ ᠬᠠᠭᠤᠴᠢ ᠰᠣᠳᠣᠯᠣᠯ ᠤᠨ ᠪᠠᠶᠢᠴᠠᠭᠠᠯᠲᠠ ᠳᠤ ᠬᠤᠲᠠ ᠶᠢᠨ ᠬᠠᠭᠠᠯᠭ᠎ᠠ ᠪᠠ ᠬᠠᠯᠬᠠᠭ᠎ᠠ ᠬᠤᠲᠠ ᠶᠢ ᠠᠩᠬ᠎ᠠ ᠤᠳᠠᠭ᠎ᠠ ᠢᠯᠡᠷᠡᠭᠦᠯᠪᠡ᠂ ᠡᠨᠡ ᠨᠢ ᠳᠤᠮᠳᠠᠳᠤ ᠤᠯᠤᠰ ᠤᠨ ᠡᠷᠲᠡᠨ ᠤ ᠬᠤᠲᠠ ᠶᠢᠨ ᠰᠡᠷᠭᠡᠶᠢᠯᠡᠨ ᠬᠠᠮᠠᠭᠠᠯᠠᠯᠲᠠ ᠶᠢᠨ ᠰᠢᠰᠲ᠋ᠧᠮ ᠢ ᠰᠣᠳᠣᠯᠬᠤ ᠳᠤ ᠴᠢᠬᠤᠯᠠ ᠶᠡᠭᠡ ᠠᠴᠢ ᠬᠤᠯᠪᠤᠭᠳᠠᠯ ᠲᠠᠢ᠃ ᠲᠠᠨᠢᠯᠴᠠᠭᠤᠯᠤᠭᠰᠠᠨ ᠢᠶᠠᠷ᠂ ᠡᠨᠡ ᠪᠣᠯ ᠵᠧᠩ ᠬᠠᠨ ᠤ ᠡᠷᠲᠡᠨ ᠤ ᠬᠤᠲᠠ ᠶᠢᠨ ᠬᠠᠭᠤᠴᠢ ᠰᠣᠳᠣᠯᠣᠯ ᠤᠨ ᠠᠵᠢᠯ ᠢ ᠦᠷᠨᠢᠭᠦᠯᠦᠭᠰᠡᠨ 50 ᠭᠠᠷᠤᠢ ᠵᠢᠯ ᠤᠨ ᠲᠤᠷᠰᠢ᠂ ᠰᠢᠨᠵᠢᠯᠡᠬᠦ ᠤᠬᠠᠭᠠᠨᠴᠢ ᠪᠠᠷ ᠨᠡᠬᠡᠭᠡᠨ ᠮᠠᠯᠲᠠᠬᠤ ᠪᠠᠷ ᠳᠠᠮᠵᠢᠭᠤᠯᠵᠤ ᠣᠯᠣᠭᠰᠠᠨ ᠲᠦᠷᠦᠬᠦᠤ ᠨᠢᠭᠡ ᠬᠤᠲᠠ ᠶᠢᠨ ᠬᠠᠭᠠᠯᠭ᠎ᠠ ᠪᠣᠯᠣᠨ᠎ᠠ᠃ ᠲᠤᠰ ᠬᠤᠲᠠ ᠶᠢᠨ ᠬᠠᠭᠠᠯᠭ᠎ᠠ ᠪᠣᠯ ᠬᠠᠯᠬᠠᠭ᠎ᠠ ᠬᠤᠲᠠ ᠶᠢᠨ ᠪᠦᠲᠦᠴᠡ ᠲᠠᠢ᠂ ᠪᠠᠶᠢᠷᠢᠰᠢᠯ ᠨᠢ ᠲᠣᠳᠣᠷᠬᠠᠢ᠂ ᠪᠦᠷᠢᠨ ᠪᠦᠲᠦᠨ ᠬᠠᠲᠠᠭᠠᠯᠬᠲᠠᠨ ᠦᠯᠡᠲᠡᠪᠡ᠂ ᠡᠨᠡ ᠨᠢ ᠴᠦᠨ ᠴᠢᠦ ᠪᠠᠶᠢᠯᠳᠤᠭᠠᠨᠲᠤ ᠤᠯᠤᠰ ᠤᠨ ᠦᠶ᠎ᠡ ᠶᠢᠨ ᠨᠡᠶᠢᠰᠯᠡᠯ ᠬᠤᠲᠠ ᠶᠢᠨ ᠪᠠᠭᠤᠷᠢ ᠳᠣᠲᠣᠷ᠎ᠠ ᠲᠤᠩ ᠬᠤᠪᠣᠷ ᠪᠤᠯᠬᠤᠷ᠂ ᠮᠠᠨ ᠤ ᠤᠯᠤᠰ ᠤᠨ ᠡᠷᠲᠡᠨ ᠤ ᠨᠡᠶᠢᠰᠯᠡᠯ ᠬᠤᠲᠠ ᠶᠢᠨ ᠪᠠᠷᠢᠯᠭ᠎ᠠ ᠶᠢᠨ ᠲᠡᠥᠬᠡᠨ ᠳᠡᠭᠡᠷᠡᠬᠢ ᠬᠤᠭᠤᠰᠤᠨ ᠢ ᠨᠦᠬᠦᠪᠦᠷᠢᠯᠡᠵᠡᠢ᠃
 
ᠢᠷᠡᠯᠲᠡ᠄ ᠬᠦᠯᠦᠨ ᠪᠣᠶᠢᠷ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号