ᠡᠪᠡᠰᠦ ᠤᠷᠭᠤᠮᠠᠯ᠂ ᠨᠤᠲᠤᠭ ᠪᠡᠯᠴᠢᠭᠡᠷ ᠲᠠᠢ ᠬᠤᠯᠪᠤᠭᠳᠠᠬᠤ ᠴᠡᠭᠡᠷ ᠶᠤᠰᠤᠨ
ᠨᠡᠶᠢᠲᠡᠯᠡᠭᠰᠡᠨ ᠴᠠᠭ᠄
2024/8/20
      △ ᠨᠤᠲᠤᠭ ᠪᠡᠯᠴᠢᠭᠡᠷ ᠢ ᠨᠦᠬᠡᠯᠡᠬᠦ᠂ ᠡᠪᠳᠡᠬᠦ ᠶᠢ ᠴᠡᠭᠡᠷᠯᠡᠨ᠎ᠡ᠃ ᠮᠤᠷᠢ ᠠᠷᠭᠠᠮᠵᠢᠬᠤ᠂ ᠵᠡᠯ᠎ᠡ ᠲᠠᠲᠠᠬᠤ ᠮᠡᠲᠦ ᠶᠢᠨ ᠠᠵᠢᠯ ᠦᠢᠯᠡ ᠶᠢᠨ ᠬᠡᠷᠡᠭᠴᠡᠭᠡ ᠪᠠᠷ ᠭᠠᠵᠠᠷ ᠳᠡᠭᠡᠷ᠎ᠡ ᠭᠠᠳᠠᠰᠤ ᠰᠢᠭᠠᠵᠤ ᠪᠣᠯᠳᠠᠭ ᠪᠣᠯᠪᠠᠴᠤ ᠬᠡᠷᠡᠭᠯᠡᠵᠦ ᠳᠠᠭᠤᠰᠪᠠᠯ ᠨᠦᠬᠡ ᠶᠢ ᠨᠢ ᠵᠠᠪᠠᠯ ᠪᠦᠭᠯᠡᠵᠦ ᠲᠠᠯᠪᠢᠨ᠎ᠠ᠃      △ ᠮᠠᠯ ᠤᠨ ᠪᠡᠯᠴᠢᠭᠡᠷ ᠲᠤ ᠮᠠᠯ ᠤᠨ ᠦᠬᠦᠳᠡᠯ ᠪᠣᠶᠣ ᠬᠦᠮᠦᠨ ᠤ ᠬᠡᠭᠦᠷ ᠢ ᠳᠤᠷ᠎ᠠ ᠪᠠᠷ ᠬᠠᠶᠠᠬᠤ ᠶᠢ ᠴᠡᠭᠡᠷᠯᠡᠨ᠎ᠡ᠃ ᠪᠡᠯᠴᠢᠭᠡᠷ ᠤᠰᠤᠨ ᠤ ᠳᠡᠷᠭᠡᠲᠡ ᠡᠯᠳᠡᠪ ᠮᠠᠭᠤᠬᠠᠢ ᠤᠷᠠᠩᠬᠠᠢ ᠪᠠ ᠭᠬᠢᠷ ᠴᠢᠰᠤ ᠲᠠᠢ ᠬᠤᠪᠴᠠᠰᠤ ᠬᠤᠨᠠᠷ ᠬᠠᠶᠠᠬᠤ ᠶᠢ ᠴᠡᠭᠡᠷᠯᠡᠨ᠎ᠡ᠃ ᠨᠤᠲᠤᠭ ᠪᠡᠯᠴᠢᠭᠡᠷ ᠢ ᠪᠤᠵᠠᠷᠯᠠᠨ᠎ᠠ ᠭᠡᠳᠡᠭ᠃      △ ᠡᠪᠡᠰᠦ ᠨᠤᠭᠤᠭ᠎ᠠ ᠲᠠᠰᠤᠯᠬᠤ ᠶᠢ ᠴᠡᠭᠡᠷᠯᠡᠨ᠎ᠡ᠃ ᠤᠬᠤᠷ ᠨᠠᠰᠤᠯᠠᠨ᠎ᠠ ᠭᠡᠳᠡᠭ᠃      △ ᠭᠠᠯ ᠠᠯᠳᠠᠵᠤ ᠪᠡᠯᠴᠢᠭᠡᠷ ᠲᠦᠢᠮᠡᠷᠳᠡᠬᠦ ᠶᠢ ᠡᠷᠡᠰ ᠴᠡᠭᠡᠷᠯᠡᠨ᠎ᠡ᠃      △ ᠡᠪᠡᠰᠦ ᠨᠤᠭᠤᠭ᠎ᠠ᠂ ᠴᠡᠴᠡᠭ ᠬᠤᠸᠠᠷ ᠢ ᠰᠠᠨᠠᠭᠠᠨ ᠤ ᠲᠠᠪᠠ ᠪᠠᠷ ᠦᠭᠲᠡᠭᠡᠨ ᠵᠤᠯᠭᠠᠭᠠᠬᠤ᠂ ᠬᠠᠭᠤᠷᠠᠢ ᠬᠠᠭᠳᠠ ᠶᠢ ᠬᠠᠮᠤᠨ ᠠᠪᠬᠤ᠂ ᠲᠦᠯᠡᠰᠢ ᠰᠢᠲᠠᠭᠠᠯᠭ᠎ᠠ ᠬᠢᠬᠦ ᠵᠡᠷᠭᠡ ᠶᠢ ᠴᠡᠭᠡᠷᠯᠡᠳᠡᠭ᠃      △ ᠠᠷᠴᠠ ᠽᠠᠨᠳᠠᠨ ᠢ ᠪᠣᠵᠠᠷᠯᠠᠬᠤ ᠶᠢ ᠴᠢᠩᠭ᠎ᠠ ᠴᠡᠭᠡᠷᠯᠡᠳᠡᠭ᠃ ᠠᠷᠴᠠ ᠽᠠᠨᠳᠠᠨ ᠢ ᠪᠣᠵᠠᠷ ᠮᠠᠭᠤᠬᠠᠢ ᠶᠢ ᠠᠷᠢᠭᠤᠯᠠᠬᠤ᠂ ᠴᠢᠳᠭᠦᠷ ᠰᠢᠮᠨᠤᠰ ᠢ ᠳᠠᠷᠤᠬᠤ ᠷᠢᠳᠢ ᠰᠢᠳᠢ ᠲᠠᠢ ᠠᠷᠢᠭᠤᠨ ᠤᠷᠭᠤᠮᠠᠯ ᠭᠡᠵᠦ ᠠᠯᠢᠪᠠ ᠶᠠᠭᠤᠮᠠᠰ ᠶᠢ ᠠᠷᠢᠭᠤᠳᠬᠠᠬᠤ ᠳᠤ ᠬᠡᠷᠡᠭᠯᠡᠳᠡᠭ ᠤᠨ ᠤᠴᠢᠷ ᠪᠢᠯᠡ᠃      △ ᠨᠢᠯᠬ᠎ᠠ ᠨᠤᠭᠤᠭ᠎ᠠ᠂ ᠴᠡᠴᠡᠭ ᠨᠠᠪᠴᠢ ᠶᠢ ᠵᠤᠯᠭᠠᠭᠠᠬᠤ ᠶᠢ ᠴᠡᠭᠡᠷᠯᠡᠳᠡᠭ᠃
 
ᠢᠷᠡᠯᠲᠡ᠄ ᠬᠦᠯᠦᠨ ᠪᠣᠶᠢᠷ ᠬᠤᠲᠠ ᠶᠢᠨ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号