ᠨᠢᠭᠡ᠂ ᠲᠣᠭᠲᠠᠭᠠᠭᠰᠠᠨ ᠵᠣᠷᠢᠯᠭ᠎ᠠ | ᠰᠤᠮᠤ ᠪᠠᠯᠭᠠᠰᠤᠨ ᠤ ᠲᠤᠰᠢᠶᠠᠯ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶ | ᠪᠣᠯᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠶᠢᠨ ᠲᠥᠯᠥᠭᠡ᠂ ︽ᠬᠠᠷᠢᠶ᠎ᠠ | ᠭᠠᠵᠠᠷ ᠲᠤᠨᠢ ᠬᠠᠮᠢᠶᠠᠷᠤᠭᠤᠯᠬᠤ︾ ᠬᠠᠷᠢᠭᠤᠴᠠᠯᠭ᠎ᠠ ᠶᠢ ᠵᠢᠷᠤᠮᠵᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠬᠤᠶᠠᠷ᠂ ᠲᠣᠭᠲᠠᠭᠠᠭᠰᠠᠨ ᠦᠨᠳᠦᠰᠦᠯᠡᠯ | ⒈ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ︽ᠦᠨᠳᠦᠰᠦᠨ ᠱᠠᠲᠤᠨ ᠤ ᠵᠠᠰᠠᠯᠲᠠ ᠶᠢᠨ ᠲᠤᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾ | ⒉ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠰᠤᠮᠤ ᠰᠢᠶᠠᠩ ᠪᠠᠯᠭᠠᠰᠤ ᠪᠠ ᠵᠡᠭᠡᠯᠢ | ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ | ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ︹2019︺ 22 ᠲᠣᠭᠠᠲᠤ︶ | ⒊ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠡᠭᠦᠷᠭᠡ ᠬᠠᠷᠢᠭᠤᠴᠠᠯᠭ᠎ᠠ ᠶᠢ ᠵᠥᠪᠰᠢᠶᠡᠷᠡᠨ ᠣᠷᠣᠭᠤᠯᠬᠤ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ | ︵ᠥᠪᠥᠷ ᠪᠠᠶᠢᠭᠤᠯᠤᠮᠵᠢ ᠶᠢᠨ ᠣᠷᠣᠨ ᠲᠤᠭ᠎ᠠ ᠠᠯᠪᠠᠨ ᠲᠠᠷᠬᠠᠭᠠᠭᠰᠠᠨ ﹇2020﹈ 143 ᠲᠣᠭᠠᠲᠤ︶ | ᠭᠤᠷᠪᠠ᠂ ᠭᠤᠣᠯ ᠠᠭᠤᠯᠭ᠎ᠠ | ︽ᠠᠷᠭ᠎ᠠ︾ ᠳᠤ ᠨᠡᠶᠢᠲᠡ 10 ᠵᠤᠷᠪᠤᠰ ᠪᠠᠶᠢᠵᠤ᠂ ᠭᠤᠤᠯ ᠠᠭᠤᠯᠭ᠎ᠠ ᠳᠤ ᠲᠣᠭᠲᠠᠭᠠᠭᠰᠠᠨ ᠵᠣᠷᠢᠯᠭ᠎ᠠ᠂ | ᠵᠥᠪᠰᠢᠶᠡᠷᠡᠨ ᠣᠷᠣᠭᠤᠯᠬᠤ ᠠᠭᠤᠯᠭ᠎ᠠ ᠵᠢᠴᠢ ᠵᠠᠷᠴᠢᠮ᠂ ᠬᠢᠨᠠᠨ ᠬᠠᠷᠭᠤᠭᠤᠯᠬᠤ ᠲᠣᠭᠲᠠᠴᠠ᠂ ᠵᠥᠪᠰᠢᠶᠡᠷᠡᠨ | ᠣᠷᠣᠭᠤᠯᠬᠤ ᠭᠤᠶᠤᠴᠢᠯᠠᠯ ᠵᠢᠴᠢ ᠬᠢᠨᠠᠨ ᠬᠠᠷᠭᠤᠭᠤᠯᠬᠤ᠂ ᠵᠥᠪᠰᠢᠶᠡᠷᠡᠵᠦ ᠬᠡᠷᠡᠭᠵᠢᠭᠦᠯᠬᠦ᠂ ᠲᠥᠬᠦᠮ ᠲᠠᠰ | ᠳᠠᠷᠠᠭᠠᠯᠠᠯ᠂ ᠪᠤᠴᠠᠭᠠᠨ ᠭᠠᠷᠭᠠᠬᠤ ᠲᠣᠭᠲᠠᠴᠠ᠂ ᠬᠥᠳᠡᠯᠦᠩᠭᠦᠶ ᠲᠣᠬᠢᠷᠠᠭᠤᠯᠤᠯᠲᠠ᠂ ᠪᠠᠲᠤᠯᠠᠭ᠎ᠠ ᠶᠢᠨ ᠠᠷᠭ᠎ᠠ | ᠬᠡᠮᠵᠢᠶ᠎ᠡ᠂ ᠠᠵᠢᠯ ᠤᠨ ᠱᠠᠭᠠᠷᠳᠠᠯᠭ᠎ᠠ ᠵᠡᠷᠭᠡ ᠠᠭᠤᠯᠭ᠎ᠠ ᠪᠠᠭᠲᠠᠨ᠎ᠠ᠃ ᠰᠤᠮᠤ ᠪᠠᠯᠭᠠᠰᠤ ᠶᠢᠨ ᠡᠭᠦᠷᠭᠡ | ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ᠂ ᠬᠤᠰᠢᠭᠤ ᠰᠤᠮᠤ | ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠲᠣᠳᠣᠷᠬᠠᠶᠢᠯᠠᠬᠤ᠂ ᠬᠠᠷᠢᠶ᠎ᠠ ᠣᠷᠣᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠵᠢᠷᠤᠮᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠰᠤᠮᠤ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢ ᠵᠥᠪᠰᠢᠶᠡᠷᠡᠨ ᠣᠷᠣᠭᠤᠯᠬᠤ ᠭᠡᠳᠡᠭ ᠨᠢ ᠬᠤᠰᠢᠭᠤ | ᠰᠢᠭᠤᠳ ᠬᠠᠷᠢᠶ᠎ᠠ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠠᠤᠯᠢ ᠴᠠᠭᠠᠵᠠ ᠬᠠᠤᠯᠢ ᠲᠣᠭᠲᠠᠭᠠᠯ ᠪᠠ | ︽ᠭᠤᠷᠪᠠ ᠶᠢ ᠲᠣᠭᠲᠠᠭᠠᠬᠤ︾ ᠲᠣᠭᠲᠠᠭᠠᠯ ᠢ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠵᠠᠰᠠᠭ | ᠵᠠᠬᠢᠷᠭᠠᠨ ᠤ ᠶᠠᠪᠤᠳᠠᠯ ︵ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ | ᠵᠠᠬᠢᠷᠭᠠᠨ ᠤ ᠠᠯᠪᠠᠳᠠᠯᠭ᠎ᠠ ᠵᠡᠷᠭᠡ ᠵᠠᠰᠠᠭ ᠵᠠᠬᠢᠷᠭᠠᠨ ᠤ ᠡᠷᠬᠡ ᠶᠢᠨ ᠵᠦᠢᠯᠡᠰ︶ ᠢ ᠨᠠᠶᠢᠳᠠᠬᠤ ᠪᠤᠶᠤ ᠰᠤᠮᠤ | ᠪᠠᠯᠭᠠᠰᠤᠨ ᠳᠤ ᠲᠤᠰᠢᠶᠠᠵᠤ ᠡᠭᠦᠷᠭᠡᠯᠡᠭᠦᠯᠪᠡᠯ᠂ ᠦᠨᠳᠦᠰᠦᠨ ᠱᠠᠲᠤᠨ ᠤ ᠰᠠᠨᠠᠯ ᠢ ᠭᠦᠢᠴᠡᠳ ᠰᠣᠨᠣᠰᠤᠭᠰᠠᠨ | ᠰᠠᠭᠤᠷᠢᠨ ᠳᠡᠭᠡᠷ᠎ᠡ᠂ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠶᠢᠮᠠᠭ ᠤᠨ ᠵᠠᠬᠢᠷᠭ᠎ᠠ ᠳᠤ | ᠮᠡᠳᠡᠭᠦᠯᠦᠨ ᠵᠥᠪᠰᠢᠶᠡᠷᠡᠭᠦᠯᠵᠦ ᠬᠡᠷᠡᠭᠵᠢᠭᠦᠯᠦᠨ᠎ᠡ᠃ ᠱᠠᠲᠤ ᠦᠶ᠎ᠡ ᠶᠢᠨ ᠴᠢᠨᠠᠷᠲᠠᠶ᠂ ᠲᠦᠷ ᠴᠠᠭ ᠤᠨ ᠴᠢᠨᠠᠷᠲᠠᠶ | ᠠᠵᠢᠯ ᠤᠨ ᠡᠭᠦᠷᠭᠡ ᠶᠢ ᠦᠨᠡᠨᠬᠦ ᠰᠤᠮᠤ ᠪᠠᠯᠭᠠᠰᠤᠨ ᠤ ᠡᠭᠦᠷᠭᠡᠯᠡᠬᠦ ᠴᠢᠬᠤᠯᠠᠲᠠᠶ ᠪᠠᠶᠢᠪᠠᠯ᠂ ᠬᠤᠰᠢᠭᠤ ᠨᠠᠮ ᠤᠨ | ᠬᠤᠷᠢᠶ᠎ᠠ ᠵᠠᠰᠠᠭ ᠤᠨ ᠣᠷᠳᠣᠨ ᠠᠴᠠ ᠵᠥᠪᠰᠢᠶᠡᠷᠡᠵᠦ ᠬᠡᠷᠡᠭᠵᠢᠭᠦᠯᠦᠨ᠎ᠡ᠃ | | |