7 ᠰᠠᠷ᠎ᠠ ᠶᠢᠨ 9 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠬᠤᠰᠢᠭᠤ ᠠᠷᠪᠠᠨ | ᠵᠢᠷᠭᠤᠳᠤᠭᠠᠷ ᠬᠤᠭᠤᠴᠠᠭᠠᠨ ᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠨ ᠲᠠᠪᠤᠳᠤᠭᠠᠷ ᠤᠳᠠᠭᠠᠨ ᠤ ᠬᠤᠷᠠᠯᠳᠤᠭᠠᠨ ᠢ ᠡᠷᠭᠢᠯᠡᠨ ᠬᠤᠷᠠᠯᠳᠤᠭᠤᠯᠪᠠ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠬᠠᠢ ᠪᠤᠤ᠂ ᠪᠤᠤ ᠸᠠᠨ ᠬᠤᠸᠠ᠂ ᠯᠢᠦ ᠶᠠᠨ᠂ ᠰᠠᠷᠠᠨᠰᠦ᠋ᠬᠡ ᠪᠣᠯᠣᠨ ᠪᠤᠰᠤᠳ ᠪᠦᠷᠢᠯᠳᠦᠬᠦᠨ ᠬᠤᠷᠠᠯ | ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠶᠢᠨ ᠯᠢᠶᠠᠩ᠂ ᠳᠡᠳ᠋ ᠬᠤᠰᠢᠭᠤ | ᠳᠠᠷᠤᠭ᠎ᠠ ᠴᠠᠩ ᠵᠧᠩ ᠪᠣᠯᠣᠨ ᠵᠠᠷᠢᠮ ᠬᠤᠰᠢᠭᠤ ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠤᠷᠤᠯᠴᠠᠵᠠᠢ᠃ | ᠬᠤᠷᠠᠯ ᠳᠤ ᠣᠷᠣᠯᠴᠠᠬᠤ ᠶᠣᠰᠣᠲᠠᠶ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠦᠷᠢᠯᠳᠦᠬᠦᠨ 31 ᠬᠥᠮᠦᠨ᠂ ᠪᠣᠳᠠᠲᠠᠶ 29 ᠬᠥᠮᠦᠨ ᠤᠷᠤᠯᠴᠠᠵᠤ᠂ ᠬᠠᠤᠯᠢ ᠳᠤ | ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | ᠬᠤᠷᠠᠯ ᠠᠴᠠ ︿︿ᠦᠨᠡᠨ﹀﹀ ᠰᠡᠳᠬᠦᠯ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠵᠣᠬᠢᠶᠠᠯ ︿︿ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ | ᠬᠠᠷᠢᠭᠤᠴᠠᠯᠭ᠎ᠠ﹀﹀᠂ ︿︿ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠬᠤᠪᠢ | ᠬᠤᠷᠠᠮᠳᠤᠭᠤᠯᠬᠤ ᠲᠦᠷᠢᠮ ᠤᠨ ᠠᠷᠭ᠎ᠠ﹀﹀ ᠶᠢ ᠤᠯᠠᠮᠵᠢᠯᠠᠨ ᠰᠤᠷᠤᠯᠴᠠᠵᠤ᠂ ︿︿ᠵᠡᠭᠦᠨ ᠦᠵᠦᠮᠦᠴᠢᠨ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠥᠬᠦᠶ ᠠᠵᠢᠯ | ᠤᠨ ᠵᠥᠪᠯᠡᠯ ᠤᠨ ᠨᠡᠷ᠎ᠡ ᠶᠢ ᠬᠠᠯᠠᠬᠤ ᠲᠣᠭᠲᠠᠭᠠᠯ ︵ᠲᠥᠰᠦᠯ︶﹀﹀ ᠢ ᠪᠠᠲᠤᠯᠠᠵᠤ᠂ ︿︿ᠵᠡᠭᠦᠨ ᠦᠵᠦᠮᠦᠴᠢᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠲᠤ | ᠲᠣᠬᠢᠷᠠᠭᠤᠯᠤᠯᠲᠠ ᠬᠢᠬᠦ ᠲᠤᠬᠠᠶ ᠳᠠᠩᠰᠠᠯᠠᠭᠤᠯᠤᠭᠰᠠᠨ ᠮᠡᠳᠡᠭᠦᠯᠦᠯᠲᠡ﹀﹀ ᠶᠢ ᠰᠣᠨᠣᠰᠤᠭᠰᠠᠨ ᠪᠥᠭᠡᠳ ᠬᠠᠤᠯᠢ | ᠶᠣᠰᠣᠭᠠᠷ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠡᠷᠭᠡ ᠤᠴᠢᠷ | ᠶᠠᠪᠤᠳᠠᠯ ᠢ ᠭᠦᠢᠴᠡᠳᠬᠡᠵᠡᠢ ᠃ | ᠪᠠᠭᠠᠲᠤᠷ ᠴᠢᠬᠤᠯᠠᠴᠢᠯᠠᠬᠤ ᠳᠠᠭᠠᠨ᠂ ᠡᠨᠡ ᠵᠢᠯ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠤᠯ ᠪᠠᠶᠢᠭᠤᠯᠤᠭᠳᠠᠭᠰᠠᠨ 70 ᠵᠢᠯ ᠤᠨ ᠣᠶ ᠪᠣᠯᠬᠤ ᠪᠥᠭᠡᠳ ᠣᠷᠣᠨ ᠨᠤᠲᠤᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠶᠢᠭᠤᠯᠤᠭᠳᠠᠭᠰᠠᠨ 45 ᠵᠢᠯ ᠤᠨ ᠣᠶ | ᠪᠣᠯᠤᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠳᠤᠭᠤᠰᠢᠯᠠᠭᠤᠯᠵᠤ᠂ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ | ᠡᠷᠡᠮᠡᠬᠡᠶᠢᠯᠡᠨ ᠤᠷᠤᠭᠰᠢᠯᠠᠵᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠨᠠᠮ | ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ | ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠬᠢᠭᠡᠳ ᠬᠥᠭᠵᠢᠯᠲᠡ ᠶᠢᠨ ᠶᠡᠭᠡ ᠲᠠᠯ᠎ᠠ ᠶᠢ ᠨᠢᠭᠲᠠ ᠤᠶᠠᠯᠳᠤᠭᠤᠯᠬᠤ ᠶᠢ ᠪᠠᠷᠢᠮᠲᠠᠯᠠᠵᠤ᠂ | ᠵᠠᠩᠭᠢᠯᠠᠭ᠎ᠠ ᠶᠢᠨ ᠴᠡᠭ ᠠᠴᠠ ᠰᠢᠪᠲᠤᠯᠤᠯᠲᠠ ᠬᠢᠵᠦ᠂ ᠪᠥᠬᠦ ᠲᠠᠯ᠎ᠠ ᠪᠠᠷ ᠬᠦᠴᠦᠯᠡᠵᠦ᠂ ᠪᠥᠬᠦ ᠬᠤᠰᠢᠭᠤᠨ ᠤ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠶᠢ ᠯᠠᠪᠳᠠᠭᠤᠨ ᠪᠠᠲᠤᠲᠠᠶ | ᠠᠬᠢᠭᠤᠯᠬᠤ ᠬᠡᠷᠡᠭᠲᠡᠶ ᠭᠡᠵᠡᠢ ᠃ | |