ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠲᠦᠯᠬᠢᠨ ᠠᠬᠢᠭᠤᠯᠬᠤ ᠵᠢᠴᠢ ᠬᠤᠰᠢᠭᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠯᠪᠤᠭᠠᠲᠦ ᠬᠤᠷᠠᠯ ᠤᠨ 2024 ᠣᠨ ᠤ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/20
      7 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ  ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠲᠦᠯᠬᠢᠨ‌ᠠᠬᠢᠭᠤᠯᠬᠤ ᠵᠢᠴᠢ ᠬᠤᠰᠢᠭᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠯᠪᠤᠭᠠᠲᠦ ᠬᠤᠷᠠᠯ ᠤᠨ 2024 ᠣᠨ ᠤ ᠬᠤᠶᠠᠳᠣᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ  ᠃      ᠬᠤᠷᠠᠯ ᠠᠴᠠ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠲᠦᠯᠬᠢᠨ ᠠᠬᠢᠭᠤᠯᠤᠭᠰᠠᠨ ᠪᠠᠶᠢᠳᠠᠯ ᠪᠠ ᠳᠡᠭᠡᠷ᠎ᠡ ᠬᠠᠭᠠᠰ ᠵᠢᠯ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠣᠳᠣᠬᠠᠨ ᠤ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ  ᠃      ᠬᠤᠷᠠᠯ ᠠᠴᠠ ᠴᠢᠯᠬᠤᠯᠠᠴᠢᠯᠠᠬᠤ ᠳᠠᠭᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︿︿ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ﹀﹀ ᠢᠶᠠᠷ ᠵᠢᠷᠤᠮᠯᠠᠯ ᠪᠣᠯᠭᠠᠵᠤ᠂ ᠰᠢᠨ᠎ᠡ ᠴᠠᠭ ᠦᠶ᠎ᠡ ᠶᠢᠨ ︿︿ᠹᠧᠩ ᠴᠢᠶᠤᠤ ᠶᠢᠨ ᠲᠤᠷᠰᠢᠯᠭ᠎ᠠ﹀﹀ ᠶᠢ ᠪᠠᠷᠢᠮᠲᠠᠯᠠᠨ ᠬᠥᠭᠵᠢᠭᠦᠯᠵᠦ᠂ ᠬᠠᠤᠯᠢ ᠶᠣᠰᠣᠭᠠᠷ᠂ ᠲᠦᠷᠢᠮ ᠲᠣᠭᠲᠠᠭᠠᠯ ᠶᠣᠰᠣᠭᠠᠷ᠂ ᠲᠥᠷᠥ ᠶᠢᠨ ᠪᠣᠳᠣᠯᠭ᠎ᠠ ᠶᠣᠰᠣᠭᠠᠷ ᠣᠯᠠᠨ ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠰᠢᠶᠳᠪᠦᠷᠢᠯᠡᠵᠦ᠂ ᠤᠷᠢᠳᠴᠢᠯᠠᠨ ᠰᠡᠷᠭᠡᠶᠢᠯᠡᠬᠦ ᠶᠢ ᠬᠠᠤᠯᠢᠵᠢᠭᠤᠯᠬᠤ ᠪᠣᠭᠤᠮᠲᠠ ᠶᠢ ᠰᠠᠶᠢᠲᠤᠷ ᠡᠵᠡᠮᠳᠡᠵᠦ᠂ ᠭᠥᠯᠢᠶᠡᠨ ᠠᠪᠴᠣ ᠭᠦᠶᠴᠡᠳᠬᠡᠬᠦ ᠶᠢ ᠬᠠᠤᠯᠢᠵᠢᠭᠤᠯᠬᠤ ᠠᠷᠭ᠎ᠠ ᠵᠠᠮ ᠢ ᠰᠢᠯᠤᠭᠤᠳᠬᠠᠵᠤ᠂ ᠭᠦᠶᠴᠡᠳᠬᠡᠬᠦ ᠶᠢ ᠬᠠᠤᠯᠢᠵᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠬᠠᠤᠯᠢᠵᠢᠭᠤᠯᠬᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ᠡᠮᠬᠢ ᠳᠢᠭᠯᠢᠮ ᠢ ᠬᠠᠮᠠᠭᠠᠯᠠᠬᠤ ᠬᠠᠤᠯᠢᠵᠢᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ          ᠬᠡᠷᠡᠭᠲᠠᠢ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠶᠴᠡᠳᠬᠡᠬᠦ ᠠᠵᠢᠯ ᠢ ᠴᠢᠩᠭᠠᠳᠬᠠᠵᠤ᠂ ︿︿ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠬᠤ᠂ ᠵᠠᠰᠠᠭ ᠤᠨ ᠣᠷᠳᠣᠨ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠯᠪᠤᠭᠠᠲᠦ ᠬᠤᠷᠠᠯ ᠵᠣᠬᠢᠴᠠᠭᠤᠯᠬᠤ᠂ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠠᠬᠢᠭᠤᠯᠬᠤ᠂ ᠡᠯ᠎ᠡ ᠲᠠᠯ᠎ᠠ ᠶᠢᠨ ᠬᠢᠨ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ﹀﹀ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠶ᠃ ᠵᠠᠩᠭᠢᠯᠠᠭ᠎ᠠ ᠵᠨ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠠᠮᠤᠷ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠶᠤᠯᠭᠦᠢ ᠦᠶᠯᠡᠳᠪᠦᠷᠢᠯᠡᠯ  ᠤᠨ ᠲᠤᠰᠬᠠᠶ ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠣᠳᠣᠬᠠᠨ ᠤ ᠭᠠᠳᠠᠨ᠎ᠠ ᠠᠴᠠ ᠢᠷᠡᠭᠰᠡᠨ ᠵᠢᠭᠤᠯᠴᠢᠯᠠᠯ ᠤᠨ ᠲᠡᠷᠭᠡ ᠬᠥᠰᠬᠡ᠂ ᠪᠠᠷᠢᠯᠭ᠎ᠠ ᠶᠢᠨ ᠠᠵᠢᠯ ᠤᠨ ᠲᠡᠷᠭᠡ ᠬᠥᠰᠬᠡ ᠶᠡᠭᠡ ᠪᠠᠷ ᠨᠡᠮᠡᠭᠳᠡᠭᠰᠡᠨ ᠪᠣᠳᠠᠲᠤ ᠪᠠᠶᠢᠳᠠᠯ ᠳᠤ ᠴᠢᠭᠯᠡᠭᠦᠯᠦᠨ᠂ ᠠᠶᠤᠯ ᠲᠦᠭᠰᠢᠭᠦᠷᠢ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠡᠭᠦᠳᠬᠦ ᠬᠡᠷᠡᠭᠲᠡᠶ ᠭᠡᠵᠡᠢ  ᠃      ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠭᠤᠤᠯ ᠤᠳᠤᠷᠢᠳᠤᠯᠭ᠎ᠠ ᠬᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号