︽ᠵᠡᠭᠦᠨ ᠦᠵᠦᠮᠦᠴᠢᠨ ᠬᠤᠰᠢᠭᠤᠨ ᠤ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠵᠦ ᠵᠢᠭᠡᠯᠡᠭᠦᠯᠬᠦ ᠬᠡᠷᠡᠭᠵᠢᠭᠦᠯᠬᠦ ᠨᠠᠷᠢᠨ ᠲᠦᠷᠢᠮ︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2024/8/20
      ᠨᠢᠭᠡ᠂ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠭᠰᠠᠨ ᠠᠬᠤᠶ ᠪᠠᠶᠢᠳᠠᠯ ᠬᠢᠭᠡᠳ ᠵᠣᠷᠢᠯᠭ᠎ᠠ      ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠪᠣᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠡᠭᠦᠷᠭᠡ ᠴᠢᠳᠠᠪᠤᠷᠢ ᠪᠠᠨ ᠭᠦᠢᠴᠡᠳᠬᠡᠵᠦ᠂ ᠵᠠᠰᠠᠭ ᠤᠨ ᠡᠷᠬᠡ ᠶᠢᠨ ᠠᠵᠢᠯᠯᠠᠭᠠᠨ ᠢ ᠪᠠᠲᠤᠯᠠᠬᠤ ᠵᠢᠴᠢ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠪᠣᠳᠠᠰ ᠤᠨ ᠰᠠᠭᠤᠷᠢ ᠪᠣᠯᠤᠨ᠎ᠠ᠃      2021 ᠣᠨ ᠤ 4 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ︾ ᠢ ᠨᠡᠶᠢᠲᠡᠯᠡᠪᠡ︔ 2022 ᠣᠨ ᠤ 12 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠨᠡᠶᠢᠲᠡᠯᠡᠵᠦ᠂ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠴᠢᠬᠤᠯᠠ ᠶᠡᠭᠡ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠦᠢᠯᠡᠰ ᠢ ᠬᠢᠨᠠᠨ ᠪᠠᠶᠢᠴᠠᠭᠠᠵᠤ ᠵᠥᠪᠰᠢᠶᠡᠷᠡᠨ᠎ᠡ︔ ᠨᠠᠢᠮᠠᠳᠤᠭᠠᠷ ᠵᠦᠢᠯ ᠳᠤ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ᠄ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠬᠠᠷᠢᠭᠤᠴᠠᠨ ᠲᠣᠭᠲᠠᠭᠠᠬᠤ ᠶᠢᠨ ᠬᠠᠮᠲᠤ ᠬᠢᠨᠠᠨ ᠪᠠᠶᠢᠴᠠᠭᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ᠃      ᠬᠤᠶᠠᠷ᠂ ᠦᠨᠳᠦᠰᠦᠯᠡᠯ ᠲᠣᠭᠲᠠᠭᠠᠬᠤ      ᠠᠶᠢᠮᠠᠭ ᠤᠨ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠵᠢᠭᠡᠯᠡᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠯᠳᠠᠭᠳᠠᠬᠤ ᠶᠢ ᠰᠡᠷᠭᠡᠶᠢᠯᠡᠬᠦ ᠶᠢᠨ ᠲᠥᠯᠦᠭᠡ᠂ ︽︿ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠰᠢᠯᠢ ᠵᠠᠬᠢᠷᠭ᠎ᠠ ᠲᠠᠷᠬᠠᠭᠠᠭᠰᠠᠨ ︹2020︺ 130 ᠲᠣᠭᠠᠲᠤ︶ ᠢ ᠦᠨᠳᠦᠰᠦᠯᠡᠨ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠡᠳ᠋ ᠬᠥᠷᠥᠩᠭᠡ ︹2019︺ 470 ᠲᠣᠭᠠᠲᠤ︶ ᠤᠨ ᠬᠤᠯᠪᠣᠭᠳᠠᠯ ᠪᠥᠬᠦᠶ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠪᠠ᠃      ᠭᠤᠷᠪᠠ᠂ ᠬᠠᠷᠠᠯᠲᠠ ᠶᠢᠨ ᠡᠭᠦᠷᠭᠡ      ᠠᠷᠭ᠎ᠠ ᠶᠢ ᠨᠡᠶᠢᠲᠡᠯᠡᠭᠰᠡᠨ ᠭᠤᠣᠯ ᠬᠠᠷᠠᠯᠲᠠ ᠡᠭᠦᠷᠭᠡ ᠪᠣᠯ ᠵᠡᠭᠦᠨ ᠦᠵᠦᠮᠦᠴᠢᠨ ᠬᠤᠰᠢᠭᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠡᠷᠲᠡᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠵᠦ ᠵᠢᠭᠡᠯᠡᠭᠦᠯᠬᠦ ᠠᠵᠢᠯᠯᠠᠭ᠎ᠠ ᠶᠢ ᠪᠦᠲᠦᠮᠵᠢᠲᠡᠶ ᠳᠦᠷᠢᠮᠵᠢᠭᠦᠯᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠠ ᠨᠢᠭᠡᠴᠡ ᠶᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠮᠢᠶ᠎ᠠ ᠪᠦᠬᠦᠢ ᠠᠵᠢᠯᠲᠠᠨ ᠤ ᠳᠦᠷᠢᠮ ᠢ ᠡᠵᠡᠮᠰᠢᠬᠦ ᠶᠢ ᠴᠢᠩᠭᠠᠳᠬᠠᠨ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠳᠤ ᠠᠰᠢᠭᠲᠠᠢ ᠪᠠᠶᠢᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ ᠦᠢᠯᠡᠳᠦᠯ ᠴᠢᠳᠠᠪᠤᠷᠢ ᠶᠢ ᠨᠡᠩ ᠰᠠᠶᠢᠲᠤᠷ ᠪᠠᠳᠠᠷᠠᠭᠤᠯᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠤᠷ ᠲᠦᠪᠰᠢᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠳᠥᠷᠪᠡ᠂ ᠬᠤᠯᠪᠣᠭᠳᠠᠬᠤ ᠬᠡᠪᠴᠢᠶ᠎ᠡ      ᠰᠢᠭᠤᠳ ᠬᠠᠷᠢᠶ᠎ᠠ ᠨᠠᠮ ᠤᠨ ᠪᠠᠶᠢᠭᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ᠂ ᠵᠠᠰᠠᠭ ᠤᠨ ᠣᠷᠳᠣᠨ ᠤ ᠪᠠᠶᠢᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠪᠠᠶᠢᠭᠤᠯᠭ᠎ᠠ᠂ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠡ ᠪᠠ ᠨᠡᠶᠢᠭᠡᠮ ᠤᠨ ᠪᠦᠯᠬᠦᠮ ︵ᠳᠣᠷᠣᠭᠰᠢ ᠵᠠᠰᠠᠭ ᠵᠠᠬᠢᠷᠭᠠᠨ ᠤ ᠨᠢᠭᠡᠴᠡ ᠭᠡᠵᠦ ᠲᠣᠪᠴᠢᠯᠠᠨ᠎ᠠ︶ ᠵᠢᠴᠢ ᠪᠤᠰᠤᠳ ᠡᠯ᠎ᠡ ᠲᠥᠷᠥᠯ ᠤᠨ ᠠᠵᠢᠯ ᠦᠢᠯᠡᠰ ᠤᠨ ᠨᠢᠭᠡᠴᠡ ︵ᠳᠣᠷᠣᠭᠰᠢ ᠠᠵᠢᠯ ᠦᠢᠯᠡᠰ ᠤᠨ ᠨᠢᠭᠡᠴᠡ ᠭᠡᠵᠦ ᠲᠣᠪᠴᠢᠯᠠᠨ᠎ᠠ︶ ᠳᠤ ᠲᠣᠰ ᠨᠠᠷᠢᠨ ᠳᠦᠷᠢᠮ ᠢ ᠬᠡᠷᠡᠭᠯᠡᠨ᠎ᠡ᠃      ᠲᠤᠰ ᠬᠡᠷᠡᠭᠵᠢᠭᠦᠯᠬᠦ ᠨᠠᠷᠢᠨ ᠳᠦᠷᠢᠮ ᠳᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠵᠦ ᠵᠢᠭᠡᠯᠡᠭᠦᠯᠬᠦ ᠶᠢ ᠵᠥᠪᠰᠢᠶᠡᠷᠡᠭᠰᠡᠨ ᠭᠡᠳᠡᠭ ᠪᠣᠯ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠡᠵᠡᠮᠰᠢᠵᠦ ᠪᠠᠶᠢᠭ᠎ᠠ ᠭᠠᠵᠠᠷ ᠰᠢᠷᠣᠶ᠂ ᠭᠡᠷ ᠪᠠᠶᠢᠰᠢᠩ ᠵᠢᠴᠢ ᠪᠠᠷᠢᠯᠭ᠎ᠠ ᠶᠢᠨ ᠵᠦᠢᠯ ︵ᠠᠯᠪᠠᠨ ᠭᠡᠷ᠂ ᠳᠣᠷᠣᠭᠰᠢ ᠠᠳᠠᠯᠢ︶᠂ ᠲᠣᠮᠣ ᠬᠡᠯᠪᠡᠷᠢ ᠶᠢᠨ ᠨᠡᠶᠢᠳᠡᠮ ᠬᠡᠷᠡᠭᠯᠡᠬᠦ ᠲᠥᠬᠦᠭᠡᠷᠦᠮᠵᠢ ᠪᠠ ᠲᠤᠰᠬᠠᠶ ᠬᠡᠷᠡᠭᠯᠡᠬᠦ ᠲᠥᠬᠦᠭᠡᠷᠦᠮᠵᠢ ᠵᠡᠷᠭᠡ ᠶᠢ ᠵᠢᠭᠠᠵᠤ ᠪᠤᠶ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号