︽ᠵᠡᠭᠦᠨ ᠦᠵᠦᠮᠦᠴᠢᠨ ᠬᠤᠰᠢᠭᠤᠨ ᠤ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠶᠢᠨ ᠬᠡᠷᠡᠭᠵᠢᠭᠦᠯᠬᠦ ᠨᠠᠷᠢᠨ ᠲᠦᠷᠢᠮ︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2024/8/20
      ᠨᠢᠭᠡ᠂ ᠲᠣᠭᠲᠠᠭᠠᠭᠰᠠᠨ ᠠᠬᠤᠶ ᠪᠠᠶᠢᠳᠠᠯ      ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠤᠮᠳᠠᠬᠢ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠬᠢᠵᠠᠭᠠᠷ ᠲᠤᠭ᠎ᠠ ᠶᠢ ᠨᠠᠷᠢᠯᠢᠭᠵᠢᠭᠤᠯᠵᠤ᠂ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ 2023 ᠣᠨ ᠤ ᠬᠤᠰᠢᠭᠤ ᠵᠠᠰᠠᠭ ᠤᠨ ᠣᠷᠳᠣᠨ ᠤ 13 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ︽ᠵᠡᠭᠦᠨ ᠦᠵᠦᠮᠦᠴᠢᠨ ᠬᠤᠰᠢᠭᠤᠨ ᠤ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠶᠢᠨ ᠬᠡᠷᠡᠭᠵᠢᠭᠦᠯᠬᠦ ᠨᠠᠷᠢᠨ ᠲᠦᠷᠢᠮ︾ ᠢ ᠳᠠᠷᠤᠮᠠᠯᠯᠠᠨ ᠲᠠᠷᠬᠠᠭᠠᠪᠠ᠃      ᠬᠤᠶᠠᠷ᠂ ︽ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠬᠤ ᠶᠢᠨ ᠴᠢᠬᠤᠯᠠ ᠴᠢᠨᠠᠷ      ︵ᠨᠢᠭᠡ︶ ︽ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠬᠤ ᠪᠣᠯ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠤᠨ ᠲᠤᠭᠲᠠᠯᠴᠠᠭ᠎ᠠ ᠶᠢ ᠲᠡᠭᠦᠯᠳᠡᠷᠵᠢᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠪᠣᠯ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ᠂ ᠵᠠᠰᠠᠭ ᠤᠨ ᠡᠷᠬᠡ ᠶᠢᠨ ᠠᠵᠢᠯᠯᠠᠭᠠᠨ ᠢ ᠪᠠᠲᠤᠯᠠᠬᠤ ᠵᠢᠴᠢ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠪᠣᠳᠠᠰ ᠤᠨ ᠰᠠᠭᠤᠷᠢ ᠪᠣᠯᠤᠨ᠎ᠠ᠃ ᠲᠥᠪ ᠪᠠ ᠥᠪᠡᠷᠲᠡᠭᠡᠨ ᠵᠠᠰᠠᠬᠤ ᠣᠷᠣᠨ ᠤ         ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠲᠤᠭᠤᠰᠢᠯᠠᠭᠤᠯᠵᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠳᠡᠭᠡᠭᠰᠢᠯᠡᠭᠦᠯᠦᠨ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠬᠢᠨᠠᠯᠲᠠ ᠲᠠᠯᠪᠢᠯᠲᠠ ᠶᠢ ᠴᠢᠩᠭᠠᠳᠬᠠᠬᠤ ᠶᠢᠨ ᠲᠤᠰᠠᠳᠠ᠂ ᠤᠤᠯ ᠤᠨ ᠠᠷᠭ᠎ᠠ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠲᠤᠯᠭᠠᠮ᠎ᠠ ᠱᠠᠭᠠᠷᠳᠠᠯᠭ᠎ᠠ ᠲᠠᠢ ᠪᠠᠶᠢᠵᠤ᠂ ︽ᠬᠡᠷᠡᠭᠵᠢᠭᠦᠯᠬᠦ ᠨᠠᠷᠢᠨ ᠲᠦᠷᠢᠮ︾ ᠳᠤ ᠵᠠᠰᠠᠪᠤᠷᠢ ᠣᠷᠣᠭᠤᠯᠬᠤ ᠪᠣᠯ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃      ︵ᠬᠤᠶᠠᠷ︶ ︽ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠬᠤ ᠪᠣᠯ ᠡᠳ᠋ ᠬᠥᠷᠥᠩᠭᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠪᠠ ᠴᠢᠩᠭᠠᠳᠬᠠᠬᠤ ᠶᠢᠨ ᠴᠢᠬᠤᠯᠠ ᠠᠷᠭ᠎ᠠ ᠪᠠᠷᠢᠯ ᠪᠣᠯᠤᠨ᠎ᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠪᠣᠯᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠠᠰᠤᠷᠠᠯᠲᠠ ᠤᠢᠭᠡᠢ ᠭᠦᠨᠵᠡᠭᠡᠶᠢᠷᠡᠬᠦ ᠶᠢ ᠳᠠᠭᠠᠯᠳᠤᠨ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ ᠲᠤᠭ᠎ᠠ ᠬᠡᠮᠵᠢᠶ᠎ᠡ ᠲᠦᠷᠭᠡᠨ ᠨᠡᠮᠡᠭᠳᠡᠵᠦ᠂ ᠣᠳᠣ ᠶᠢᠨ ᠬᠡᠷᠡᠭᠵᠢᠭᠦᠯᠵᠦ ᠪᠠᠶᠢᠭ᠎ᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠤ ᠮᠥᠨ ᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠤᠬᠠᠮᠰᠠᠷ ᠴᠢᠩᠭ᠎ᠠ ᠪᠤᠰᠤ᠂ ᠬᠠᠷᠢᠭᠤᠴᠠᠯᠭ᠎ᠠ ᠲᠣᠳᠣᠷᠬᠠᠶ ᠦᠭᠡᠶ ᠵᠡᠷᠭᠡ ᠠᠰᠠᠭᠤᠳᠠᠯ ᠣᠷᠣᠰᠢᠵᠤ ᠪᠤᠶ᠃ ᠲᠣᠰ ᠠᠷᠭ᠎ᠠ ᠳᠤ ᠡᠳ᠋ ᠬᠥᠷᠥᠩᠭᠡ ᠶᠢ ᠰᠢᠢᠳᠪᠦᠷᠢᠯᠡᠬᠦ᠂ ᠲᠠᠯᠠᠪᠤᠷ ᠲᠤ ᠣᠷᠣᠭᠤᠯᠤᠨ ᠠᠷᠠᠯᠵᠢᠶᠠᠯᠠᠬᠤ᠂ ᠣᠷᠣᠯᠭ᠎ᠠ ᠶᠢ ᠰᠢᠢᠳᠪᠦᠷᠢᠯᠡᠬᠦ ᠵᠡᠷᠭᠡ ᠲᠣᠭᠲᠠᠭᠠᠯ ᠢ ᠣᠷᠭᠠᠨᠢᠭ ᠢᠶᠠᠷ ᠤᠶᠠᠯᠳᠤᠭᠤᠯᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠭᠠᠯ ᠣᠯᠠᠨ ᠪᠥᠭᠡᠳ ᠲᠠᠷᠠᠬᠠᠶ ᠪᠤᠲᠠᠷᠬᠠᠶ᠂ ᠣᠷᠭᠠᠨᠢᠭ ᠨᠢᠭᠡᠳᠦᠯᠲᠡᠶ ᠬᠡᠮᠵᠢᠶ᠎ᠡ ᠨᠢ ᠬᠦᠷᠦᠯᠴᠡᠬᠦ ᠥᠬᠡᠶ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠬᠠᠮᠲᠤ᠂ ᠡᠳ᠋ ᠤᠨ ᠵᠠᠰᠠᠭ ᠤᠨ ᠰᠠᠯᠠᠭ᠎ᠠ        ᠮᠥᠴᠢᠷ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠨᠢᠭᠡᠴᠡ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠮᠢᠶ᠎ᠠ ᠪᠥᠬᠦᠶ ᠠᠵᠢᠯᠲᠠᠨ ᠤ ᠲᠦᠷᠢᠮ ᠢ ᠡᠵᠡᠮᠳᠡᠬᠦ ᠶᠢ ᠴᠢᠩᠭᠠᠳᠬᠠᠬᠤ ᠳᠤ ᠠᠰᠢᠭᠲᠠᠶ ᠪᠠᠶᠢᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠳᠤ ᠠᠰᠢᠭᠲᠠᠶ ᠪᠠᠶᠢᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ ᠬᠦᠴᠦᠨ ᠴᠢᠳᠠᠪᠤᠷᠢ ᠶᠢ ᠨᠠᠩ ᠰᠠᠶᠢᠲᠤᠷ ᠪᠠᠳᠠᠷᠠᠭᠤᠯᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠤᠷ ᠲᠦᠪᠰᠢᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠭᠤᠷᠪᠠ᠂ ᠲᠣᠭᠲᠠᠭᠠᠭᠰᠠᠨ ᠦᠨᠳᠦᠰᠦᠯᠡᠯ ᠵᠢᠴᠢ ᠲᠤᠭᠤᠷᠪᠢᠭᠰᠠᠨ ᠶᠠᠪᠤᠴᠠ      ︽ᠬᠡᠷᠡᠭᠵᠢᠭᠦᠯᠬᠦ ᠨᠠᠷᠢᠨ ᠲᠦᠷᠢᠮ︾ ᠳᠤ ︽ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠡᠳ᠋ ᠬᠦᠷᠦᠩᠭᠡ ᠶᠢ ᠴᠡᠪᠡᠷᠯᠡᠨ ᠪᠠᠶᠢᠴᠠᠭᠠᠵᠤ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠠᠷᠭ᠎ᠠ︾ ︵ᠡᠳ᠋ ᠬᠦᠷᠦᠩᠭᠡ ︹2016︺ 1 ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠦᠷᠦᠩᠭᠡ ᠶᠢ ᠰᠢᠢᠳᠪᠦᠷᠢᠯᠡᠬᠦ ᠵᠢᠴᠢ ᠣᠷᠣᠯᠭ᠎ᠠ ᠶᠢᠨ ᠬᠠᠮᠢᠶᠠᠷᠤᠯᠲᠠ ᠶᠢᠨ ᠠᠷᠭ᠎ᠠ︾᠂ ︽ᠥᠪᠥᠷ ᠡᠳ᠋ ᠬᠦᠷᠦᠩᠭᠡ︹2020︺1216 ᠲᠣᠭᠠᠲᠤ︶ ᠳᠤ ᠲᠣᠭᠲᠠᠭᠠᠭᠰᠠᠨ ᠠᠭᠤᠯᠭ᠎ᠠ᠂ ᠪᠦᠲᠦᠴᠡ ᠨᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠲᠠᠢ ᠦᠨᠳᠦᠰᠦᠨ ᠳᠤ ᠪᠠᠨ ᠨᠢᠭᠡᠳᠦᠯᠲᠡᠢ ᠪᠠᠶᠢᠵᠤ᠂ ᠵᠥᠪᠬᠡᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠬᠢᠵᠠᠭᠠᠷ ᠲᠤᠭ᠎ᠠ᠂ ᠮᠡᠳᠡᠭᠦᠯᠬᠦ ᠮᠠᠲ᠋ᠧᠷᠢᠶᠠᠯ ᠳᠤ ᠲᠣᠬᠢᠷᠠᠭᠤᠯᠤᠯᠲᠠ ᠬᠢᠪᠡ᠃      ᠳᠥᠷᠪᠡ᠂ ︽ᠬᠡᠷᠡᠭᠵᠢᠭᠦᠯᠬᠦ ᠨᠠᠷᠢᠨ ᠳᠦᠷᠢᠮ︾ ᠢ ᠨᠡᠶᠢᠲᠡᠯᠡᠬᠦ ᠶᠡᠷᠦᠩᠬᠡᠶ ᠰᠡᠳᠬᠢᠴᠡ ᠪᠠ ᠴᠢᠬᠤᠯᠠ ᠠᠴᠢ ᠬᠤᠯᠪᠣᠭᠳᠠᠯ      ︽ᠬᠡᠷᠡᠭᠵᠢᠭᠦᠯᠬᠦ ᠨᠠᠷᠢᠨ ᠳᠦᠷᠢᠮ︾ ᠤᠨ ᠶᠡᠷᠦᠩᠬᠡᠶ ᠰᠡᠳᠬᠢᠮᠵᠢ᠄ ᠨᠢᠭᠡ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠴᠢᠩᠭᠠᠳᠬᠠᠨ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠢᠯᠡ ᠲᠣᠳᠣ᠂ ᠵᠢᠷᠤᠮᠵᠢᠯ ᠲᠠᠢ ᠪᠥᠭᠡᠳ ᠪᠦᠲᠦᠮᠵᠢᠲᠡᠶ ᠪᠠᠶᠢᠯᠭᠠᠬᠤ ᠶᠢ ᠠᠬᠢᠭᠤᠯᠤᠨ᠎ᠠ᠃ ᠬᠤᠶᠠᠷ ᠲᠤ᠂ ᠥᠭᠡᠷᠡᠴᠢᠯᠡᠯᠲᠡ ᠪᠠᠷ ᠤᠳᠤᠷᠢᠳᠤᠮᠵᠢ ᠪᠣᠯᠭᠠᠵᠤ᠂ ᠰᠢᠨ᠎ᠡ ᠶᠢ ᠡᠭᠦᠳᠬᠦ ᠪᠠᠷ ᠲᠤᠯᠭᠠᠭᠤᠷᠢᠯᠠᠯ ᠪᠣᠯᠭᠠᠵᠤ᠂         ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ᠂ ᠡᠳ᠋ ᠬᠦᠷᠦᠩᠭᠡ ᠶᠢ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠲᠣᠭᠲᠠᠴᠠ ᠶᠢ ᠪᠠᠶᠢᠭᠤᠯᠤᠨ᠎ᠠ᠃ ᠭᠤᠷᠪᠠ ᠳᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠢᠯᠡᠷᠡᠭᠦᠯᠵᠦ᠂ ᠦᠢᠯᠡᠳᠦᠯᠭᠡ ᠶᠢᠨ ᠳᠤᠮᠳᠠ ᠪᠣᠯᠪᠠᠰᠤᠷᠠᠩᠭᠤᠶ ᠪᠣᠯᠤᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠠᠬᠢᠭᠤᠯᠤᠨ᠎ᠠ᠃      ︽ᠬᠡᠷᠡᠭᠵᠢᠭᠦᠯᠬᠦ ᠨᠠᠷᠢᠨ ᠳᠦᠷᠢᠮ︾ ᠪᠣᠯ ᠮᠠᠨ ᠤ ᠬᠤᠰᠢᠭᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠨᠢᠭᠡᠳᠦᠭᠡᠷ ᠨᠠᠷᠢᠨ ᠳᠦᠷᠢᠮ ᠪᠠᠶᠢᠵᠤ᠂ ᠵᠠᠰᠠᠭ ᠵᠠᠬᠢᠷᠭᠠᠨ ᠤ ᠨᠢᠭᠡᠴᠡ ᠶᠢᠨ ᠡᠭᠦᠷᠭᠡ ᠴᠢᠳᠠᠪᠬᠢ ᠪᠠᠨ ᠭᠦᠢᠴᠡᠳᠬᠡᠬᠦ ᠪᠠ ᠠᠵᠢᠯ ᠦᠢᠯᠡᠰ ᠤᠨ ᠨᠢᠭᠡᠴᠡ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠤᠯᠢ ᠪᠠᠷ ᠵᠠᠰᠠᠬᠤ ᠵᠠᠮ ᠳᠤ ᠣᠷᠣᠭᠤᠯᠵᠤ᠂ ᠬᠠᠮᠢᠶᠠᠷᠤᠯᠲᠠ ᠪᠠ ᠬᠢᠨᠠᠯᠲᠠ ᠲᠠᠯᠪᠢᠬᠤ ᠶᠢ ᠴᠢᠩᠭᠠᠳᠬᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢᠵᠢᠯ᠂ ᠵᠢᠷᠤᠮᠵᠢᠭᠤᠯᠤᠯᠲᠠ᠂ ᠰᠢᠨᠵᠢᠯᠡᠬᠦ ᠤᠬᠠᠭᠠᠨᠴᠢᠯᠠᠯᠲᠠ ᠶᠢ ᠠᠬᠢᠭᠤᠯᠵᠤ᠂ ᠠᠮᠤᠷ ᠲᠦᠪᠰᠢᠨ         ᠵᠢᠷᠤᠮᠵᠢᠭᠤᠨ᠂ ᠥᠨᠳᠥᠷ ᠪᠦᠲᠦᠮᠵᠢᠲᠡᠶ᠂ ᠢᠯᠡ ᠲᠣᠳᠣ᠂ ᠡᠷᠬᠡ ᠬᠠᠷᠢᠭᠤᠴᠠᠯᠭ᠎ᠠ ᠨᠢᠭᠡᠳᠦᠯᠲᠡᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠠᠰᠠᠯᠲᠠ ᠶᠢᠨ ᠬᠢᠷᠢ ᠲᠦᠪᠰᠢᠨ ᠪᠠ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠬᠦ ᠨᠢ ᠯᠠᠪᠲᠠᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号