︽ᠵᠡᠭᠦᠨ ᠦᠵᠦᠮᠦᠴᠢᠨ ᠬᠤᠰᠢᠭᠤᠨ ᠤ ᠰᠤᠮᠤ ᠪᠠᠯᠭᠠᠰᠤᠨ ᠤ ᠡᠭᠦᠷᠭᠡ ᠬᠠᠷᠢᠭᠤᠴᠠᠯᠭ᠎ᠠ ᠶᠢ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︶︾ ᠭᠡᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/20
     ᠨᠢᠭᠡ᠂ ᠲᠣᠭᠲᠠᠭᠠᠭᠰᠠᠨ ᠵᠣᠷᠢᠯᠭ᠎ᠠ      ᠰᠤᠮᠤ ᠪᠠᠯᠭᠠᠰᠤᠨ ᠤ ᠲᠤᠰᠢᠶᠠᠯ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠶᠢᠨ ᠲᠥᠯᠥᠭᠡ᠂ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ︾ ᠬᠠᠷᠢᠭᠤᠴᠠᠯᠭ᠎ᠠ ᠶᠢ ᠵᠢᠷᠤᠮᠵᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃      ᠬᠤᠶᠠᠷ᠂ ᠲᠣᠭᠲᠠᠭᠠᠭᠰᠠᠨ ᠦᠨᠳᠦᠰᠦᠯᠡᠯ      ⒈ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠦᠨᠳᠦᠰᠦᠨ ᠱᠠᠲᠤᠨ ᠤ ᠵᠠᠰᠠᠯᠲᠠ ᠶᠢᠨ ᠲᠤᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾      ⒉ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ︹2019︺ 22 ᠲᠣᠭᠠᠲᠤ︶      ⒊ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠡᠭᠦᠷᠭᠡ ᠬᠠᠷᠢᠭᠤᠴᠠᠯᠭ᠎ᠠ ᠶᠢ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾         ︵ᠥᠪᠥᠷ ᠪᠠᠶᠢᠭᠤᠯᠤᠮᠵᠢ ᠶᠢᠨ ᠣᠷᠣᠨ ᠲᠤᠭ᠎ᠠ ᠠᠯᠪᠠᠨ ᠲᠠᠷᠬᠠᠭᠠᠭᠰᠠᠨ ﹇2020﹈ 143 ᠲᠣᠭᠠᠲᠤ︶      ᠭᠤᠷᠪᠠ᠂ ᠭᠤᠣᠯ ᠠᠭᠤᠯᠭ᠎ᠠ      ︽ᠠᠷᠭ᠎ᠠ︾ ᠳᠤ ᠨᠡᠶᠢᠲᠡ 10 ᠵᠤᠷᠪᠤᠰ ᠪᠠᠶᠢᠵᠤ᠂ ᠭᠤᠤᠯ ᠠᠭᠤᠯᠭ᠎ᠠ ᠳᠤ ᠲᠣᠭᠲᠠᠭᠠᠭᠰᠠᠨ ᠵᠣᠷᠢᠯᠭ᠎ᠠ᠂ ᠵᠥᠪᠰᠢᠶᠡᠷᠡᠨ ᠣᠷᠣᠭᠤᠯᠬᠤ ᠠᠭᠤᠯᠭ᠎ᠠ ᠵᠢᠴᠢ ᠵᠠᠷᠴᠢᠮ᠂ ᠬᠢᠨᠠᠨ ᠬᠠᠷᠭᠤᠭᠤᠯᠬᠤ ᠲᠣᠭᠲᠠᠴᠠ᠂ ᠵᠥᠪᠰᠢᠶᠡᠷᠡᠨ ᠣᠷᠣᠭᠤᠯᠬᠤ ᠭᠤᠶᠤᠴᠢᠯᠠᠯ ᠵᠢᠴᠢ ᠬᠢᠨᠠᠨ ᠬᠠᠷᠭᠤᠭᠤᠯᠬᠤ᠂ ᠵᠥᠪᠰᠢᠶᠡᠷᠡᠵᠦ ᠬᠡᠷᠡᠭᠵᠢᠭᠦᠯᠬᠦ᠂ ᠲᠥᠬᠦᠮ ᠲᠠᠰ ᠳᠠᠷᠠᠭᠠᠯᠠᠯ᠂ ᠪᠤᠴᠠᠭᠠᠨ ᠭᠠᠷᠭᠠᠬᠤ ᠲᠣᠭᠲᠠᠴᠠ᠂ ᠬᠥᠳᠡᠯᠦᠩᠭᠦᠶ ᠲᠣᠬᠢᠷᠠᠭᠤᠯᠤᠯᠲᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠱᠠᠭᠠᠷᠳᠠᠯᠭ᠎ᠠ ᠵᠡᠷᠭᠡ ᠠᠭᠤᠯᠭ᠎ᠠ ᠪᠠᠭᠲᠠᠨ᠎ᠠ᠃ ᠰᠤᠮᠤ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ᠂ ᠬᠤᠰᠢᠭᠤ ᠰᠤᠮᠤ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠲᠣᠳᠣᠷᠬᠠᠶᠢᠯᠠᠬᠤ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠵᠢᠷᠤᠮᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠰᠤᠮᠤ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢ ᠵᠥᠪᠰᠢᠶᠡᠷᠡᠨ ᠣᠷᠣᠭᠤᠯᠬᠤ ᠭᠡᠳᠡᠭ ᠨᠢ ᠬᠤᠰᠢᠭᠤ ᠰᠢᠭᠤᠳ ᠬᠠᠷᠢᠶ᠎ᠠ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠠᠤᠯᠢ ᠴᠠᠭᠠᠵᠠ ᠬᠠᠤᠯᠢ ᠲᠣᠭᠲᠠᠭᠠᠯ ᠪᠠ       ︽ᠭᠤᠷᠪᠠ ᠶᠢ ᠲᠣᠭᠲᠠᠭᠠᠬᠤ︾ ᠲᠣᠭᠲᠠᠭᠠᠯ ᠢ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠵᠠᠰᠠᠭ ᠵᠠᠬᠢᠷᠭᠠᠨ ᠤ ᠶᠠᠪᠤᠳᠠᠯ ︵ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠵᠠᠰᠠᠭ ᠵᠠᠬᠢᠷᠭᠠᠨ ᠤ ᠡᠷᠬᠡ ᠶᠢᠨ ᠵᠦᠢᠯᠡᠰ︶ ᠢ ᠨᠠᠶᠢᠳᠠᠬᠤ ᠪᠤᠶᠤ ᠰᠤᠮᠤ ᠪᠠᠯᠭᠠᠰᠤᠨ ᠳᠤ ᠲᠤᠰᠢᠶᠠᠵᠤ ᠡᠭᠦᠷᠭᠡᠯᠡᠭᠦᠯᠪᠡᠯ᠂ ᠦᠨᠳᠦᠰᠦᠨ ᠱᠠᠲᠤᠨ ᠤ ᠰᠠᠨᠠᠯ ᠢ ᠭᠦᠢᠴᠡᠳ ᠰᠣᠨᠣᠰᠤᠭᠰᠠᠨ ᠰᠠᠭᠤᠷᠢᠨ ᠳᠡᠭᠡᠷ᠎ᠡ᠂ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠶᠢᠮᠠᠭ ᠤᠨ ᠵᠠᠬᠢᠷᠭ᠎ᠠ ᠳᠤ ᠮᠡᠳᠡᠭᠦᠯᠦᠨ ᠵᠥᠪᠰᠢᠶᠡᠷᠡᠭᠦᠯᠵᠦ ᠬᠡᠷᠡᠭᠵᠢᠭᠦᠯᠦᠨ᠎ᠡ᠃ ᠱᠠᠲᠤ ᠦᠶ᠎ᠡ ᠶᠢᠨ ᠴᠢᠨᠠᠷᠲᠠᠶ᠂ ᠲᠦᠷ ᠴᠠᠭ ᠤᠨ ᠴᠢᠨᠠᠷᠲᠠᠶ ᠠᠵᠢᠯ ᠤᠨ ᠡᠭᠦᠷᠭᠡ ᠶᠢ ᠦᠨᠡᠨᠬᠦ ᠰᠤᠮᠤ ᠪᠠᠯᠭᠠᠰᠤᠨ ᠤ ᠡᠭᠦᠷᠭᠡᠯᠡᠬᠦ ᠴᠢᠬᠤᠯᠠᠲᠠᠶ ᠪᠠᠶᠢᠪᠠᠯ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠵᠥᠪᠰᠢᠶᠡᠷᠡᠵᠦ ᠬᠡᠷᠡᠭᠵᠢᠭᠦᠯᠦᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号