︽ᠤᠮᠠᠷᠠᠲᠤ ᠶᠢᠨ ᠰᠣᠶᠣᠯ︾ ᠤᠨ ᠨᠠᠷᠠᠲᠤ ᠲᠡᠮᠳᠡᠭᠲᠦ ᠶᠢ ᠳᠠᠭᠤᠷᠢᠰᠬᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤᠳᠬᠠᠬᠤ ᠶᠢᠨ ᠲᠥᠯᠥᠭᠡ᠂ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠡᠳᠦᠪ ᠶᠠᠪᠤᠭᠳᠠᠭᠤᠯᠵᠤ ᠪᠠᠶᠢᠭ᠎ᠠ ︽ᠬᠠᠮᠲᠤ ᠳᠠᠭᠤᠯᠠᠶ᠎ᠠ︾ | ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠢ ᠳᠠᠭᠤᠤ ᠬᠥᠭᠵᠢᠮ ᠤᠨ ᠶᠡᠷᠦᠩᠬᠡᠶᠢᠯᠡᠭᠰᠡᠨ ᠨᠡᠪᠲᠡᠷᠡᠭᠦᠯᠭᠡ ᠶᠢᠨ | ᠮᠣᠩᠭᠤᠯ ᠬᠡᠯᠡᠨ ᠤ ᠨᠢᠭᠡᠳᠦᠭᠡᠷ ᠬᠤᠭᠤᠴᠠᠭᠠᠨ ᠤ ᠰᠢᠩᠭᠡᠭᠡᠨ ᠦᠢᠯᠡᠳᠬᠦ ᠠᠵᠢᠯᠯᠠᠭ᠎ᠠ 8 ᠰᠠᠷ᠎ᠠ ᠶᠢᠨ 5 ᠤ ᠡᠳᠦᠷ᠂ | ᠤᠯᠢᠶᠠᠰᠤᠲᠠᠢ ᠠᠭᠤᠯᠠ ᠶᠢᠨ ᠦᠵᠡᠮᠵᠢ ᠶᠢᠨ ᠣᠷᠣᠨ ᠳᠤ ᠠᠮᠵᠢᠯᠲᠠ ᠲᠠᠢ ᠶᠠᠪᠤᠭᠳᠠᠭᠰᠠᠨ ᠪᠠᠶᠢᠨ᠎ᠠ᠃ | ᠲᠤᠰ ᠨᠡᠪᠲᠡᠷᠡᠭᠦᠯᠭᠡ ᠨᠢ ᠥᠪᠥᠷ ᠮᠣᠩᠭᠤᠯ ᠤᠨ ᠣᠷᠣᠨ ᠨᠤᠲᠤᠭ ᠤᠨ ᠳᠠᠭᠤᠤ ᠬᠥᠭᠵᠢᠮ ᠤᠨ ᠷᠢᠳᠢ | ᠰᠢᠳᠢ ᠶᠢ ᠳᠡᠯᠭᠡᠨ ᠦᠵᠡᠭᠦᠯᠦᠭᠰᠡᠨ ᠳᠠᠭᠤᠤ ᠬᠥᠭᠵᠢᠮᠦᠨ ᠶᠡᠷᠦᠩᠬᠡᠶᠢᠯᠡᠭᠰᠡᠨ ᠤᠷᠠᠯᠢᠭ ᠤᠨ ᠲᠣᠭᠯᠠᠯᠲᠠ ᠪᠠᠶᠢᠵᠦ᠂ | ︽ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠣᠴᠢᠬᠤ︾ ᠪᠠᠷ ᠵᠣᠷᠢᠯᠲᠠ ᠪᠠᠨ | ᠪᠣᠯᠭᠠᠵᠤ᠂ ᠨᠡᠷᠡᠲᠦ ᠬᠦᠮᠦᠰ ᠪᠠ ᠣᠯᠠᠨ ᠲᠦᠮᠡᠨ ᠬᠠᠮᠲᠤ ᠪᠠᠷ ᠳᠠᠭᠤᠯᠠᠨ ᠪᠠᠶᠠᠰᠬᠤ ᠲᠠᠶᠢᠰᠠ ᠶᠢ ᠴᠣᠭᠴᠠᠯᠠᠨ | ᠪᠠᠶᠢᠭᠤᠯᠬᠤ ᠶᠢ ᠵᠣᠷᠢᠭᠰᠠᠨ ᠶᠤᠮ᠃ | ᠨᠢᠭᠡᠳᠦᠭᠡᠷ ᠬᠤᠭᠤᠴᠠᠭᠠᠨ ᠤ ᠨᠡᠪᠲᠡᠷᠡᠭᠦᠯᠭᠡ ᠨᠢ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ | ᠳᠠᠭᠤᠤ ᠬᠥᠭᠵᠢᠮ ᠤᠨ ᠳᠡᠭᠡᠲᠦ ᠰᠤᠷᠭᠠᠭᠤᠯᠢ ᠶᠢᠨ ᠫᠷᠤᠹᠥᠰᠰᠤᠷ᠂ ᠠᠰᠫᠢᠷᠠᠨᠲ ᠤᠨ ᠵᠢᠯᠣᠭᠤᠳᠤᠭᠴᠢ ᠪᠠᠭᠰᠢ᠂ | ᠤᠯᠤᠰ ᠤᠨ ᠨᠢᠭᠡᠳᠦᠭᠡᠷ ᠳᠡᠰ ᠤᠨ ᠲᠣᠭᠯᠠᠭᠴᠢ᠂ ᠠᠯᠳᠠᠷᠲᠤ ᠳᠠᠭᠤᠴᠢᠨ ᠤᠷᠠᠨ᠎ᠠ᠂ ᠵᠠᠯᠠᠭᠤ ᠳᠠᠭᠤᠴᠢᠨ ᠬᠦᠰᠡᠯᠡᠩ᠂ | ᠬᠠᠯᠢᠨ ᠵᠡᠷᠭᠡ ᠳᠠᠭᠤᠴᠢᠨ ᠤᠷᠠᠯᠢᠭᠴᠢᠨ ᠵᠢᠴᠢ ᠪᠦᠬᠦ ᠣᠷᠣᠨ ᠤ ᠡᠯ᠎ᠡ ᠭᠠᠵᠠᠷ ᠪᠠ ᠪᠣᠰᠤᠳ ᠮᠤᠵᠢ ᠬᠤᠳᠠ ᠶᠢᠨ | ᠲᠠᠯ᠎ᠠ ᠨᠤᠲᠤᠭ ᠤᠨ ᠳᠠᠭᠤᠤ ᠳᠤ ᠪᠠᠭ᠋ᠠᠲᠠᠢ ᠬᠤᠷᠢᠨ ᠳᠠᠭᠤᠴᠢᠨ ᠵᠢᠴᠢ ᠵᠠᠭᠤ ᠭᠠᠷᠤᠢ ᠦᠵᠡᠭᠴᠢ ᠬᠠᠮᠲᠤᠪᠠᠷ | ᠨᠡᠪᠲᠡᠷᠡᠭᠦᠯᠭᠡ ᠰᠢᠩᠭᠡᠭᠡᠨ ᠦᠢᠯᠡᠳᠬᠦ ᠳᠤ ᠣᠷᠣᠯᠴᠠᠵᠠᠢ᠃ | ᠲᠣᠭᠯᠠᠯᠲᠠ ᠨᠢ ᠳᠤᠭᠤᠶᠢᠯᠠᠩ ᠤᠨ ᠳᠣᠲᠣᠷ᠎ᠠ ᠪᠠᠨ ᠰᠢᠭᠰᠢᠭᠳᠡᠬᠦ ᠬᠡᠯᠪᠡᠷᠢ ᠪᠠᠷ ᠶᠠᠪᠤᠭᠳᠠᠵᠤ᠂ ᠲᠣᠭᠯᠠᠭᠴᠢᠳ | ︽ᠮᠠᠯᠴᠢᠳ ᠤᠨ ᠪᠠᠶᠠᠷ ᠪᠠᠶᠠᠰᠤᠯ︾ ︽ᠦᠵᠦᠮᠦᠴᠢᠨ ᠨᠤᠲᠤᠭ︾ ᠵᠡᠷᠭᠡ ᠥᠪᠥᠷ ᠮᠣᠩᠭᠤᠯ ᠤᠨ ᠰᠣᠩᠭᠤᠳᠠᠭ | ᠳᠠᠭᠤᠤ ᠶᠢ ᠳᠠᠭᠤᠯᠠᠪᠠ᠃ | ᠲᠤᠰ ᠬᠤᠭᠤᠴᠠᠭ᠎ᠠ ᠶᠢᠨ ᠨᠡᠪᠲᠡᠷᠡᠭᠦᠯᠭᠡ ᠨᠢ ᠮᠠᠨ ᠤ ᠬᠤᠰᠢᠭᠤᠨ ᠤ ᠵᠤᠭᠠᠴᠠᠯ ᠤᠨ ᠰᠣᠶᠣᠯ ᠪᠠ ᠣᠷᠣᠨ | ᠨᠤᠲᠤᠭ ᠤᠨ ᠵᠠᠩ ᠵᠠᠩᠰᠢᠯ ᠲᠠᠢ ᠤᠶᠠᠯᠳᠤᠭᠤᠯᠤᠨ᠂ ᠥᠷᠭᠡᠨ ᠠᠭᠤᠳᠠᠮ ᠲᠠᠯ᠎ᠠ ᠨᠤᠲᠤᠭ ᠢ ᠬᠠᠷᠠᠭᠤᠯᠬᠤ ᠶᠢᠨ | ᠬᠠᠮᠲᠤ᠂ ᠠᠷᠠᠳ ᠨᠡᠶᠢᠲᠡ ᠪᠠᠷ ᠢᠶᠠᠨ ᠣᠷᠣᠯᠴᠠᠭᠰᠠᠨ ᠡᠨᠡᠬᠦ ᠲᠠᠪᠴᠠᠩ ᠢ ᠠᠷᠠᠳ ᠣᠯᠠᠨ ᠤ ᠳᠤᠮᠳᠠ | ᠭᠦᠨᠵᠡᠭᠡᠶᠢᠷᠠᠭᠦᠯᠵᠦ᠂ ᠣᠷᠤᠨᠨᠤᠲᠤᠭ ᠤᠨ ᠳᠠᠭᠤᠤ ᠬᠥᠭᠵᠢᠮ ᠢ ᠨᠡᠩ ᠦᠷᠭᠡᠨ ᠳᠡᠯᠭᠡᠷᠡᠭᠦᠯᠦᠭᠰᠡᠨ ᠢᠶᠠᠷ ᠪᠠᠷᠠᠬᠤ | ᠦᠭᠡᠢ᠂ ᠨᠡᠩ ᠴᠤ ᠳᠠᠭᠤᠤ ᠬᠥᠭᠵᠢᠮ ᠢᠶᠠᠷ ᠤᠮᠠᠷᠠᠲᠤ ᠬᠢᠯᠢ ᠶᠢᠨ ᠡᠯ᠎ᠡ ᠦᠨᠳᠦᠰᠦᠲᠡᠨ ᠤ ᠰᠣᠶᠣᠯ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠤᠨ ᠰᠢᠨ᠎ᠡ ᠰᠣᠷᠭᠤᠭ ᠦᠯᠢᠭᠡᠷ ᠢ ᠶᠠᠷᠢᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠤᠶ ᠪᠣᠯᠭᠠᠭᠰᠠᠨ ᠪᠠᠶᠢᠨ᠎ᠠ᠃ |