ᠳᠤᠮᠳᠠᠳᠤ ᠤᠯᠤᠰ ᠤᠨ ᠨᠡᠭᠦᠳᠡᠯ ᠰᠢᠨᠵᠢᠯᠡᠬᠦ ᠮᠡᠷᠭᠡᠵᠢᠯ ᠤᠨ ᠣᠷᠳᠣᠨ ᠤ ᠮᠠᠨ ᠤ ᠬᠤᠰᠢᠭᠤᠨ ᠳᠠᠬᠢ ᠥᠷᠲᠡᠭᠡ ᠶᠢᠨ ᠲᠣᠭᠤᠷᠢᠨ ᠦᠵᠡᠭᠦᠯᠦᠯᠭᠡ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/8/23
      8 ᠰᠠᠷ᠎ᠠ ᠶᠢᠨ 6 ᠤ ᠡᠳᠦᠷ᠂ ᠮᠠᠨ ᠤ ᠬᠤᠰᠢᠭᠤ ᠳᠤᠮᠳᠠᠳᠤ ᠤᠯᠤᠰ ᠤᠨ ᠨᠡᠭᠦᠳᠡᠯ ᠰᠢᠨᠵᠢᠯᠡᠬᠦ ᠮᠡᠷᠭᠡᠵᠢᠯ  ᠤᠨ ᠣᠷᠳᠣᠨ ᠤ ᠲᠣᠭᠤᠷᠢᠨ ᠦᠵᠡᠭᠦᠯᠦᠯᠭᠡ ᠶᠢᠨ ᠡᠬᠢᠯᠡᠯᠲᠡ ᠶᠢᠨ ᠶᠣᠰᠣᠯᠠᠯ ᠢ ᠡᠷᠬᠢᠯᠡᠭᠰᠡᠨ ᠪᠠᠶᠢᠨ᠎ᠠ᠃      ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠴᠢ ᠵᠢᠶᠦ᠋ᠨ ᠨᠥᠬᠦᠷ ᠶᠣᠰᠣᠯᠠᠯ  ᠳᠤ ᠣᠷᠣᠯᠴᠠᠭᠰᠠᠨ ᠪᠥᠭᠡᠳ ᠪᠠᠶᠠᠷ ᠤᠨ  ᠶᠠᠷᠢᠶ᠎ᠠ ᠲᠠᠯᠪᠢᠵᠠᠢ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠣᠤ ᠸᠠᠨ ᠬᠤᠸᠠ ᠠᠵᠢᠯᠯᠠᠭ᠎ᠠ ᠡᠬᠢᠯᠡᠭᠰᠡᠨ ᠢ ᠵᠠᠷᠯᠠᠵᠤ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠺᠠᠳ᠋ᠷ ᠠᠵᠢᠯᠲᠠᠨ᠂ ᠬᠤᠰᠢᠭᠤ ᠰᠢᠭᠤᠳ ᠬᠠᠷᠢᠶ᠎ᠠ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠥᠯᠥᠭᠡᠯᠡᠭᠴᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷᠠᠴᠤᠳ ᠤᠨ ᠲᠥᠯᠥᠭᠡᠯᠡᠭᠴᠢ ᠶᠣᠰᠤᠯᠠᠯ ᠳᠤ ᠣᠷᠣᠯᠴᠠᠪᠠ  ᠃      ᠶᠠᠨ ᠴᠢ ᠵᠢᠶᠦ᠋ᠨ ᠶᠠᠷᠢᠶᠠᠨ ᠳᠠᠭᠠᠨ᠂ ᠡᠨᠡ ᠤᠳᠠᠭᠠᠨ ᠤ ᠳᠤᠮᠳᠠᠳᠤ ᠤᠯᠤᠰ ᠤᠨ ᠨᠡᠭᠦᠳᠡᠯ ᠰᠢᠨᠵᠢᠯᠡᠬᠦ ᠮᠡᠷᠭᠡᠵᠢᠯ ᠤᠨ ᠣᠷᠳᠣᠨ ᠤ ᠲᠣᠭᠤᠷᠢᠨ ᠦᠵᠡᠭᠦᠯᠦᠯᠭᠡ ᠨᠢ ᠮᠠᠨ ᠤ ᠬᠤᠰᠢᠭᠤᠨ ᠤ ᠥᠷᠭᠡᠨ ᠣᠯᠠᠨ ᠵᠠᠯᠠᠭᠤᠴᠤᠳ ᠪᠠᠭᠠᠴᠤᠳ ᠪᠠ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠰᠣᠷᠣᠯᠴᠠᠬᠤ ᠣᠯᠳᠠᠰᠢ ᠣᠢᠭᠡᠢ ᠠᠵᠠ ᠲᠣᠬᠢᠶᠠᠯ ᠢ ᠣᠯᠭᠤᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠬᠠᠩᠭᠠᠨ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠳᠠᠬᠢ ᠳᠤᠷ᠎ᠠ ᠰᠣᠨᠢᠷᠬᠠᠯ ᠢ ᠤᠯᠠᠮ ᠴᠢᠨᠠᠭᠰᠢᠳᠠ ᠬᠦᠢᠭᠵᠢᠭᠡᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠬᠠᠮᠰᠠᠷ ᠢ ᠨᠢ ᠰᠡᠩᠬᠡᠷᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠨᠢ ᠬᠦᠮᠦᠵᠢᠭᠦᠯᠵᠦ᠂ ᠪᠦᠭᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠳᠤ ᠴᠥᠮ ᠠᠬᠢᠭᠤᠯᠬᠤ ᠦᠢᠯᠡᠳᠦᠯ ᠭᠠᠷᠭᠠᠬᠤ ᠪᠣᠯᠤᠨ᠎ᠠ ᠭᠡᠵᠡᠢ  ᠃      ᠠᠬᠤᠢ ᠲᠠᠯᠠᠪᠠᠶ ᠳᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠣᠨᠢᠷᠬᠠᠯᠲᠠᠶ ᠦᠵᠡᠭᠦᠯᠦᠯᠭᠡ ᠶᠢᠨ ᠲᠠᠶᠢᠰᠠᠨ ᠤ ᠡᠮᠦᠨ᠎ᠡ ᠰᠤᠷᠤᠭᠴᠢ ᠨᠥᠬᠦᠳ ᠢᠶᠠᠷ ᠳᠦᠭᠦᠷᠴᠦ᠂ ᠣᠯᠠᠨ ᠢᠶᠠᠷ ᠢᠶᠠᠨ ᠡᠯ᠎ᠡ ᠵᠦᠶᠯ ᠤᠨ ᠪᠡᠶᠡᠴᠢᠯᠡᠨ ᠣᠶᠢᠯᠠᠭᠠᠯᠲᠠ ᠳᠤ ᠢᠳᠡᠪᠬᠢᠲᠡᠶ ᠣᠷᠣᠯᠴᠠᠵᠤ᠂ ᠮᠧᠬᠠᠨᠢᠭ ᠲᠥᠬᠦᠭᠡᠷᠦᠮᠵᠢ ᠶᠢ ᠠᠵᠢᠯᠯᠠᠭᠤᠯᠵᠤ᠂ ᠰᠢᠨᠵᠢᠯᠡᠬᠦ ᠤᠬᠠᠭᠠᠨ ᠤ ᠭᠠᠶᠢᠬᠠᠮᠰᠢᠭ ᠪᠠ ᠨᠢᠭᠤᠴᠠ ᠶᠢ ᠮᠡᠳᠡᠷᠡᠵᠦ ᠪᠠᠶᠢᠯ᠎ᠠ᠃ ᠲᠣᠭᠤᠷᠢᠨ ᠦᠵᠡᠭᠦᠯᠦᠯᠭᠡ ᠨᠢ ᠰᠤᠷᠤᠭᠴᠢᠳ  ᠤᠨ ᠤᠷᠮ᠎ᠠ ᠵᠣᠷᠢᠭ ᠢ ᠬᠥᠭᠵᠢᠭᠡᠵᠦ᠂ ᠰᠢᠨᠵᠢᠯᠡᠬᠦ ᠤᠬᠠᠭᠠᠨ ᠤ ᠮᠡᠳᠡᠯᠭᠡ ᠶᠢ ᠰᠤᠷᠴᠤ ᠡᠵᠡᠮᠰᠢᠭᠰᠡᠨ ᠪᠥᠭᠡᠳ ᠲᠡᠳᠡᠨ  ᠤ ᠰᠡᠳᠬᠢᠯ ᠳᠠᠬᠢ 《 ᠰᠢᠨᠵᠢᠯᠡᠬᠦ ᠤᠬᠠᠭᠠᠨ ᠮᠡᠷᠭᠡᠵᠢᠯ ᠤᠨ ᠵᠡᠭᠦᠳᠦ 》 ᠶᠢ ᠨᠢ ᠴᠦ ᠲᠡᠷᠭᠡᠯᠰᠢᠭᠦᠯᠵᠡᠢ  ᠃      ᠠᠵᠢᠯᠯᠠᠭ᠎ᠠ ᠳᠤ ᠤᠬᠠᠭᠤᠯᠭ᠎ᠠ ᠶᠢᠨ ᠳᠡᠪᠲᠡᠷ᠂ ᠤᠬᠠᠭᠤᠯᠭ᠎ᠠ ᠶᠢᠨ ᠪᠣᠭᠴᠣ ᠵᠡᠷᠭᠡ ᠶᠢ ᠲᠠᠷᠬᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠴᠢᠬᠤᠯᠠ ᠴᠢᠨᠠᠷ ᠢ ᠤᠯᠠᠨ ᠳᠤ ᠤᠢᠢᠯᠠᠭᠠᠭᠤᠯᠤᠭᠰᠠᠨ ᠪᠥᠭᠡᠳ ᠡᠷᠡᠭᠦᠯ ᠰᠠᠷᠠᠭᠤᠯ ᠠᠮᠢᠳᠤᠷᠠᠯ᠂ ᠬᠡᠷᠡᠭᠯᠡᠭᠡᠨ ᠤ ᠮᠡᠷᠭᠡᠵᠢᠯ ᠵᠡᠷᠭᠡ ᠲᠠᠯ᠎ᠠ ᠶᠢᠨ ᠮᠡᠳᠡᠯᠭᠡ ᠶᠢ ᠲᠦᠭᠡᠮᠡᠯᠵᠢᠭᠦᠯᠪᠡ  ᠃      ᠨᠡᠭᠦᠳᠡᠯ ᠰᠢᠨᠵᠢᠯᠡᠬᠦ ᠮᠡᠷᠭᠡᠵᠢᠯ ᠤᠨ ᠣᠷᠳᠣᠨ ᠤ ᠲᠣᠭᠤᠷᠢᠨ ᠦᠵᠡᠭᠦᠯᠬᠦ ᠠᠵᠢᠯᠯᠠᠭ᠎ᠠ ᠪᠣᠯ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠤᠰ ᠤᠳᠠᠭ᠎ᠠ ᠶᠢᠨ ᠮᠠᠨ ᠤ ᠬᠤᠰᠢᠭᠤᠨ ᠳᠠᠬᠢ ᠲᠣᠭᠤᠷᠢᠨ ᠦᠵᠡᠭᠦᠯᠭᠡ ᠨᠢ ᠡᠯᠪᠡᠭ ᠪᠠᠶᠠᠯᠢᠭ ᠤᠯᠠᠨ ᠶᠠᠩᠵᠤ ᠶᠢᠨ ᠦᠵᠡᠭᠦᠯᠭᠡ ᠶᠢᠨ ᠪᠣᠳᠠᠰ ᠪᠠᠶᠢᠵᠦ᠂ ᠹᠢᠽᠢᠺ᠂ ᠠᠮᠢᠳᠤ ᠪᠣᠳᠠᠰ᠂ ᠲᠣᠭᠠᠨ ᠤ ᠤᠬᠠᠭᠠᠨ᠂ ᠤᠳᠤᠨ ᠣᠷᠣᠨ ᠵᠡᠷᠭᠡ ᠤᠯᠠᠨ ᠬᠦᠷᠢᠶᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠭᠦᠯᠭᠡ ᠶᠢᠨ ᠪᠣᠳᠠᠰ ᠢ ᠬᠠᠮᠤᠷᠴᠠᠢ᠃ ᠡᠳᠡᠭᠡᠷ ᠦᠵᠡᠭᠦᠯᠭᠡ ᠶᠢᠨ ᠪᠣᠳᠠᠰ ᠨᠢ ᠰᠢᠨᠵᠢᠯᠡᠬᠦ ᠤᠬᠠᠭᠠᠨ ᠤ ᠮᠡᠳᠡᠯᠭᠡ ᠶᠢ ᠰᠢᠭᠤᠳ ᠦᠵᠡᠭᠦᠯᠬᠦ᠂ ᠠᠮᠢᠳᠤᠯᠢᠭ ᠬᠡᠯᠪᠡᠷᠢ ᠪᠠᠷ ᠢᠯᠡᠷᠡᠭᠦᠯᠵᠦ᠂ ᠬᠥᠮᠦᠰ ᠢ ᠪᠠᠶᠠᠷ ᠬᠦᠷ  ᠲᠠᠢ ᠠᠭᠤᠷ ᠠᠮᠢᠰᠬᠤᠯ ᠤᠨ ᠳᠤᠮᠳᠠ ᠰᠢᠨᠵᠢᠯᠡᠬᠦ ᠤᠬᠠᠭᠠᠨ ᠤ ᠷᠢᠳᠢ ᠰᠢᠳᠢ ᠶᠢ ᠮᠡᠳᠡᠷᠡᠭᠦᠯᠵᠦ᠂ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ ᠪᠣᠯᠤᠨ ᠬᠠᠶᠢᠨ ᠰᠦᠪᠡᠭᠴᠢᠯᠡᠬᠦ ᠬᠦᠰᠡᠯ ᠡᠷᠡᠮᠡᠯᠵᠡᠯ ᠢ ᠬᠥᠭᠵᠢᠭᠡᠬᠦ ᠪᠣᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号