ᠠᠩᠬᠠᠳᠤᠭᠠᠷ ᠬᠤᠭᠤᠴᠠᠭᠠᠨ ᠤ ᠣᠶᠤᠲᠠᠳ ᠤᠨ ᠰᠣᠶᠣᠯ ᠤᠷᠠᠯᠢᠭ ᠤᠨ ᠨᠠᠶᠢᠷ ᠶᠠᠪᠤᠭᠳᠠᠪᠠ
ᠨᠡᠶᠢᠲᠡᠯᠡᠭᠰᠡᠨ ᠴᠠᠭ᠄
2024/8/26
      ᠨᠠᠮᠤᠷ ᠰᠠᠭᠠᠳᠠᠬᠰᠠᠨ ᠵᠢᠷᠤᠭ ᠰᠢᠭ᠋ ᠲᠠᠩᠰᠤᠭ ᠦᠵᠦᠮᠦᠴᠢᠨ ᠨᠤᠲᠤᠭ ᠬᠤᠪᠢ ᠶᠢᠨ ᠭᠠᠳᠠᠨ᠎ᠠ ᠦᠵᠡᠰᠭᠦᠯᠡᠩᠲᠠᠢ᠃ ᠵᠡᠬᠦᠨ ᠦᠵᠦᠮᠦᠴᠢᠨ ᠬᠤᠰᠢᠭᠤᠨ ᠤ ︿︿ᠨᠠᠭᠠᠳᠤᠮ﹀﹀ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠤᠨ ᠬᠦᠷᠢᠶᠡᠯᠡᠩ ᠬᠥᠭᠵᠢᠶᠡᠨ ᠨᠡᠷᠭᠢᠶ᠎ᠠ᠂ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠪᠣᠯᠣᠨ ᠵᠡᠭᠦᠨ  ᠦᠵᠦᠮᠦᠴᠢᠨ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠮᠲᠤᠷᠠᠨ ᠡᠷᠬᠢᠯᠡᠭᠰᠡᠨ 2024 ᠣᠨ ᠤ ᠵᠡᠭᠦᠨ ᠦᠵᠦᠮᠦᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠣᠶᠤᠲᠠᠳ ᠤᠨ ᠰᠣᠶᠣᠯ ᠤᠷᠠᠯᠢᠭ ᠤᠨ ᠨᠠᠶᠢᠷ 8 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ ᠠᠮᠵᠢᠯᠲᠠᠲᠠᠢ ᠶᠠᠪᠤᠬᠳᠠᠵᠠᠢ᠃      ᠡᠯ᠎ᠡ ᠤᠷᠤᠯᠳᠤᠭᠠᠨ ᠤ ᠲᠠᠯᠠᠪᠤᠷ ᠲᠤ᠂ ᠤᠶᠤᠳᠠᠤᠨ ᠬᠦᠴᠦ ᠲᠠᠮᠢᠷ ᠢᠶᠠᠨ ᠰᠢᠪᠬᠠᠵᠤ᠂ ᠢᠳᠡᠷᠡᠭᠦᠨ ᠴᠣᠪᠣᠭᠤᠯᠢᠭ ᠢᠶᠠᠷ ᠬᠦᠳᠡᠭᠡ ᠲᠠᠯ᠎ᠠ ᠲᠡᠭᠡᠷ᠎ᠡ ᠰᠡᠳᠬᠢᠯᠭᠡ ᠪᠠᠭ᠋ᠠᠳᠤᠮ᠎ᠠ ᠪᠠᠶᠠᠷ ᠪᠠᠭ᠋ᠠᠳᠤᠯ ᠢᠶᠠᠷ ᠲᠦᠭᠦᠷᠠᠩ ᠪᠠᠶᠢᠯ᠎ᠠ᠃ ᠲᠣᠰ ᠤᠳᠠᠭᠠᠨ ᠤ ᠣᠶᠤᠲᠠᠳ ᠤᠨ ᠰᠣᠶᠣᠯ ᠤᠷᠠᠯᠢᠭ ᠤᠨ ᠨᠠᠶᠢᠷ ᠤᠨ ᠨᠢᠭᠡ ᠬᠢᠯᠠᠰ ᠴᠡᠭ ᠨᠢ ᠡᠯᠪᠡᠭ ᠪᠠᠶᠠᠯᠢᠭ ᠠᠭᠤᠯᠭ᠎ᠠ ᠲᠠᠢ ᠰᠤᠶᠤᠯ ᠲᠠᠮᠢᠷ ᠤᠨ ᠤᠷᠤᠯᠳᠤᠭᠠᠨ ᠲᠤᠬᠢᠷᠠᠭᠤᠯᠵᠠᠢ᠃ ᠡᠭᠦᠨ ᠳᠤ ᠪᠦᠬᠡ ᠪᠠᠷᠢᠯᠳᠤᠬᠤ᠂ ᠰᠤᠷ ᠬᠠᠷᠪᠤᠬᠤ ᠪᠤᠯᠤᠨ ᠱᠠᠭ᠎ᠠ ᠵᠡᠷᠭᠡ ᠤᠯᠠᠮᠵᠢᠯᠠᠯᠲᠤ ᠪᠡᠶ᠎ᠡ ᠶᠢᠨ ᠲᠠᠮᠢᠷ ᠪᠠᠭᠲᠠᠬᠤ ᠪᠠᠷ ᠪᠠᠷᠠᠬᠤ ᠦᠭᠡᠢ ᠪᠠᠰᠠ ᠤᠷᠤᠰᠬᠠᠯ ᠲᠠᠭᠠᠬᠰᠠᠨ ᠨᠢᠰᠬᠦ ᠲᠠᠪᠠᠭ᠂ ᠵᠦᠯᠭᠡᠨ ᠳᠡᠭᠡᠷᠡᠬᠢ ᠠᠯᠠᠭᠠᠳᠠᠬᠤ ᠪᠥᠮᠪᠦᠭᠡ ᠵᠡᠷᠭᠡ ᠶᠢ ᠠᠭᠤᠰᠬᠠᠨ ᠣᠷᠣᠭᠤᠯᠵᠤ᠂ ᠦᠢ ᠣᠯᠠᠨ ᠣᠶᠤᠲᠠᠳ ᠤᠨ ᠠᠩᠬᠠᠷᠤᠯ ᠢ ᠲᠠᠲᠠᠭᠰᠠᠨ ᠪᠠᠶᠢᠨ᠎ᠠ᠃ ᠰᠤᠷ ᠬᠠᠷᠪᠤᠯᠲᠠ ᠶᠢᠨ ᠲᠠᠯᠠᠪᠠᠢ ᠳᠤ᠂ ᠤᠶᠤᠳᠠᠨ ᠰᠤᠷᠴᠢᠤᠨ ᠡᠪᠡᠷ ᠨᠤᠮᠤ ᠪᠠᠨ ᠲᠡᠯᠡᠵᠤ ᠡᠷᠡᠬᠡᠢ ᠮᠡᠷᠭᠡᠨ ᠢᠶᠠᠨ ᠭᠠᠶᠢᠬᠠᠭᠤᠯᠤᠨ᠎ᠠ᠂ ᠱᠠᠭ᠎ᠠ ᠶᠢᠨ ᠨᠠᠭᠠᠳᠤᠮ ᠳᠤ ᠠᠵᠠ ᠬᠡᠶᠢᠮᠦᠷᠢ᠂ ᠤᠶᠤᠨ ᠤᠬᠠᠭᠠᠨ ᠢᠶᠠᠨ ᠰᠤᠷᠢᠨ᠎ᠠ᠂ ᠪᠥᠬᠡ ᠶᠢᠨ ᠪᠠᠷᠢᠯᠳᠤᠭᠠᠨ ᠢᠶᠠᠷ ᠵᠠᠯᠠᠭᠤ ᠪᠦᠬᠡᠴᠢᠤᠨ ᠬᠦᠴᠦ ᠴᠢᠳᠠᠯ᠂ ᠮᠡᠭᠡ ᠮᠡᠷᠭᠡᠵᠢᠯ ᠢᠶᠠᠨ ᠬᠠᠷᠠᠭᠤᠯᠬᠤ ᠳᠤ᠂ ᠬᠠᠷᠢᠨ ᠨᠢᠰᠬᠦ ᠲᠠᠪᠠᠭ ᠪᠣᠯᠣᠨ ᠵᠦᠯᠭᠡᠨ ᠳᠡᠭᠡᠷᠡᠬᠢ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠨᠢ ᠵᠠᠯᠠᠭᠤ ᠨᠠᠰᠤᠨ ᠤ ᠡᠷᠴᠢ ᠬᠦᠴᠦ᠂ ᠢᠳᠡᠭᠡᠯ ᠬᠢᠭᠡᠤᠨ ᠠᠮᠢᠵᠢᠷᠠᠯ  ᠤᠨ ᠬᠦᠴᠦᠨ ᠢᠶᠠᠷ ᠪᠢᠯᠬᠠᠵᠤ᠂ ᠥᠪᠡᠷ ᠤᠨ ᠢᠶᠠᠨ ᠪᠠᠶᠠᠷ ᠪᠠᠭ᠋ᠠᠳᠤᠯ ᠪᠠ ᠠᠮᠵᠢᠯᠲᠠ ᠪᠦᠲᠦᠮᠵᠢ ᠶᠢᠨ ᠲᠥᠷᠥᠭᠳᠡᠯ ᠢ          ᠣᠯᠵᠤ᠂ ᠪᠦᠯᠬᠦᠮᠳᠡᠯ ᠲᠠᠪᠰᠢᠯᠳᠠ ᠬᠢᠬᠡᠤᠨ ᠤᠷ᠎ᠠ ᠮᠡᠷᠭᠡᠵᠢᠯ ᠢ ᠮᠡᠳᠡᠷᠡᠭᠦᠯᠥᠭᠰᠡᠨ ᠭᠤᠶᠢᠳᠠ ᠰᠠᠶᠢᠬᠠᠨ ᠢ ᠦᠵᠡᠭᠴᠢ ᠤᠯᠠᠨ ᠳᠤ ᠪᠠᠨ ᠬᠦᠷᠳᠡᠭᠡᠯ᠎ᠡ᠃      ᠦᠳᠡᠰᠢ ᠪᠤᠯᠬᠤ ᠳᠤ ᠠᠶ᠎ᠠ ᠳᠠᠭᠤᠨ ᠤ ᠴᠡᠩᠬᠡᠭᠦᠨ ᠴᠤᠤᠷᠢᠶᠠᠳᠤᠨ᠂ ᠶᠡᠭᠡ ᠰᠤᠷᠭᠠᠭᠤᠯᠢ ᠶᠢᠨ ᠤᠶᠤᠳᠠᠤᠨ  ᠤᠨ ᠤᠷᠠᠨ ᠰᠠᠶᠢᠬᠠᠨ ᠤ ᠦᠳᠡᠰᠢᠯᠡᠭᠡ ᠨᠢ ︽ᠠᠮᠤᠭᠤᠯᠠᠩᠳᠦ ᠲᠦᠷᠦ ᠶᠢᠨ ᠲᠤᠪᠴᠢᠶᠠᠨ︾ ᠭᠡᠬᠦ ᠤᠷᠳᠤ ᠶᠢᠨ ᠲᠠᠭᠤᠤ ᠪᠠᠷ ᠬᠥᠰᠢᠭᠡ ᠪᠠᠨ ᠰᠡᠬᠦᠵᠠᠢ᠃ ᠦᠳᠡᠰᠢᠯᠡᠭᠡ ᠨᠢ ᠭᠠᠯ ᠵᠠᠯᠠᠭᠤ ᠨᠠᠰᠤᠨ ᠤ ᠤᠷᠬᠢᠯᠥᠮ᠎ᠡ ᠬᠠᠯᠠᠭᠤᠨ ᠰᠡᠤᠡᠬᠢᠯᠭᠡ ᠶᠢ ᠬᠥᠭᠯᠡᠭᠰᠡᠨ ᠰᠢᠨ᠎ᠡ ᠴᠠᠭ ᠦᠶ᠎ᠡ ᠶᠢᠨ ᠥᠪᠡᠷᠮᠢᠴᠡ᠂ ᠪᠦᠳᠦᠭᠡᠯᠴᠢ ᠰᠡᠤᠡᠬᠢᠬᠦᠢ ᠶᠢᠨ ᠤᠡᠴᠠᠯᠢᠭ ᠢ ᠪᠠᠳᠠᠷᠠᠭᠤᠯᠵᠤ᠂ ᠤᠷᠠᠯᠢᠭ ᠤᠨ ᠷᠢᠳᠢ ᠰᠢᠳᠢ ᠶᠢ ᠮᠡᠳᠡᠷᠡᠭᠦᠯᠦᠨ᠂ ᠭᠠᠵᠠᠷ ᠭᠠᠵᠠᠷ ᠤᠨ ᠶᠡᠭᠡ ᠳᠡᠭᠡᠳᠦ ᠰᠤᠷᠭᠠᠭᠤᠯᠢ ᠠᠴᠠ ᠢᠷᠡᠭᠰᠡᠨ ᠣᠶᠤᠲᠠᠳ ᠬᠤᠶᠢᠨ᠎ᠠ ᠬᠤᠶᠢᠨ᠎ᠠ ᠠᠴᠠ ᠪᠠᠨ ᠲᠠᠶᠢᠰᠠᠨ ᠳᠤ ᠭᠠᠷᠴᠤ ᠭᠤᠴᠤᠯᠠᠯ ᠲᠠᠭᠤᠤ᠂ ᠬᠤᠤᠰᠯᠠᠯ ᠲᠠᠭᠤᠤ᠂ ᠪᠦᠵᠢᠭ᠂ ᠶᠠᠳᠤᠭ᠎ᠠ ᠶᠢᠨ ᠡᠭᠡᠰᠢᠭ᠂ ᠬᠢᠫ ᠬᠤᠫ ᠵᠡᠷᠭᠡ ᠭᠤᠴᠤ ᠲᠤᠬᠯᠠᠯᠳᠠ ᠪᠠᠨ ᠡᠷᠬᠦᠨ ᠪᠠᠷᠢᠯ᠎ᠠ᠃      ᠲᠣᠰ ᠤᠳᠠᠭᠠᠨ ᠤ ᠣᠶᠤᠲᠠᠳ ᠤᠨ ᠰᠣᠶᠣᠯ ᠤᠷᠠᠯᠢᠭ ᠤᠨ ᠨᠠᠶᠢᠷ ᠤᠨ ᠵᠣᠷᠢᠯᠭ᠎ᠠ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠶᠢᠨ ᠬᠠᠮᠲᠤ ᠣᠲᠣ ᠦᠶ᠎ᠡ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠤᠷᠠᠯᠢᠭ ᠤᠨ ᠲᠣᠭᠯᠠᠯᠲᠠ ᠶᠢ ᠠᠭᠤᠰᠤᠯᠴᠠᠭᠤᠯᠤᠨ᠂ ᠪᠥᠬᠦ ᠬᠤᠰᠢᠭᠤᠨ ᠤ ᠣᠶᠤᠲᠠᠳ ᠲᠤ ᠥᠪᠡᠷ ᠤᠨ ᠠᠪᠢᠶᠠᠰ ᠴᠢᠳᠠᠪᠦᠷᠢ ᠪᠠᠨ ᠢᠯᠡᠷᠡᠭᠦᠯᠵᠦ᠂ ᠬᠠᠷᠢᠯᠴᠠᠨ ᠰᠤᠷᠤᠯᠴᠠᠬᠤ ᠲᠠᠪᠴᠠᠩ ᠪᠠᠶᠢᠭᠤᠯᠵᠤ᠂ ᠰᠢᠨ᠎ᠡ ᠴᠠᠭ ᠦᠶ᠎ᠡ ᠶᠢᠨ ᠵᠡᠭᠦᠨ ᠦᠵᠦᠮᠦᠴᠢᠨ ᠬᠤᠰᠢᠭᠤ ᠶᠢ ᠭᠦᠢᠴᠡᠳ ᠬᠠᠷᠠᠭᠤᠯᠵᠠᠢ᠃      ᠡᠶᠢᠡᠬᠦ ᠠᠩᠬᠠᠳᠤᠭᠠᠷ ᠬᠤᠭᠤᠴᠠᠭᠠᠨ ᠤ ᠣᠶᠤᠲᠠᠳ ᠤᠨ ᠰᠣᠶᠣᠯ ᠤᠷᠠᠯᠢᠭ ᠤᠨ ᠨᠠᠶᠢᠷ ᠤᠤᠠᠬ᠎ᠠ ᠲᠡᠭᠦᠰ ᠦᠨᠳᠦᠷᠯᠡᠵᠦ᠂ ᠰᠣᠶᠣᠯ᠂ ᠤᠷᠠᠯᠢᠭ᠂ ᠪᠡᠶ᠎ᠡ ᠲᠠᠮᠢᠷ ᠤᠨ ᠲᠤᠬᠠᠢ ᠬᠦᠰᠡᠯ ᠬᠥᠭᠡᠭᠡᠴᠡᠯᠳᠦᠯ ᠢ ᠣᠶᠤᠲᠠᠨ ᠨᠢᠭᠡᠪᠦᠷᠢ  ᠶᠢᠨ ᠰᠡᠳᠬᠢᠯ ᠳᠤ ᠥᠨᠢᠳᠡ ᠬᠠᠳᠠᠩᠰᠢᠭᠤᠯᠵᠤ᠂ ᠵᠠᠯᠠᠭᠤᠴᠤᠳ ᠤᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠨᠢ ᠣᠶᠤᠲᠠᠳ ᠤᠨ ᠤᠯᠠᠮᠵᠢᠯᠠᠯᠲᠤ ᠰᠣᠶᠣᠯ ᠤᠨ ᠲᠤᠬᠠᠢ ᠣᠶᠢᠯᠠᠭᠠᠯᠲᠠ ᠪᠠ ᠮᠡᠳᠡᠷᠡᠮᠵᠢ ᠶᠢ ᠭᠦᠨᠵᠡᠭᠡᠶᠢᠷᠡᠭᠦᠯᠵᠦ᠂ ᠮᠠᠷᠲᠠᠭᠳᠠᠰᠢ ᠦᠭᠡᠢ ᠵᠠᠯᠠᠭᠤ ᠨᠠᠰᠤᠨ ᠤ ᠰᠣᠶᠣᠯ ᠤᠷᠠᠯᠢᠭ ᠤᠨ ᠢᠷᠠᠭᠤ ᠬᠠᠭᠤᠳᠠᠰᠤ ᠶᠢ ᠬᠠᠮᠲᠤ ᠪᠠᠷ ᠪᠢᠴᠢᠭᠯᠡᠵᠡᠢ︕
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号