ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 10 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠬᠤᠷᠢᠳᠤᠭᠠᠷ ᠬᠤᠭᠤᠴᠠᠭᠠᠨ  ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/8/28
      8 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 10 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ  ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠬᠢᠯᠡᠪᠡ᠃        ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠢ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠰᠤᠷᠤᠯᠴᠠᠯᠭ᠎ᠠ ᠳᠤ ᠣᠷᠣᠯᠴᠠᠪᠠ᠃      ᠬᠤᠷᠠᠯ ᠠᠴᠠ ︿︿ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ 》᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ﹀﹀᠂     《 ᠥᠭᠡᠷᠡᠴᠢᠯᠡᠯᠲᠡ ᠶᠢ ᠤᠯᠠᠮ ᠴᠢᠨᠠᠭᠰᠢᠳᠠ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ 》᠂《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠢᠶᠠᠷᠤᠯᠲᠠ ᠶᠢᠨ ᠲᠦᠷᠢᠮ 》᠂ 《 ᠶᠡᠷᠦᠩᠬᠡᠶ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ 》᠂《 ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ 〈 ᠠᠷᠠᠳ ᠲᠦᠮᠡᠨ ᠢ ᠳᠡᠭᠡᠳᠦᠯᠡᠬᠦ  ᠶᠢ ᠡᠷᠬᠡᠪᠰᠢ  ᠪᠠᠷᠢᠮᠲᠠᠯᠠᠬᠤ ᠬᠡᠷᠡᠭᠲᠡᠶ 〉 》 ᠵᠡᠷᠭᠡ ᠠᠭᠤᠯᠭ᠎ᠠ ᠶᠢ  ᠰᠤᠷᠤᠯᠴᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ  ᠶᠢᠨ ᠡᠭᠦᠷᠭᠡ ᠮᠥᠨ᠂ ᠪᠥᠬᠦ ᠬᠤᠰᠢᠭᠤ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭᠠᠨ ᠤ ᠭᠤᠤᠯ ᠴᠢᠬᠤᠯᠠ ᠠᠭᠤᠯᠭ᠎ᠠ ᠶᠢ ᠪᠥᠬᠦ ᠲᠠᠯ᠎ᠠ ᠪᠠᠷ ᠤᠶᠢᠯᠠᠭᠠᠨ ᠡᠵᠡᠮᠰᠢᠵᠦ᠂ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠨ ᠣᠶᠢᠯᠠᠭᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠤ ᠰᠤᠷᠤᠯᠴᠠᠬᠤ ᠳᠡᠭᠡᠷ᠎ᠡ ᠬᠦᠴᠦ ᠲᠠᠯᠪᠢᠵᠤ᠂ ᠲᠤᠰᠬᠠᠶ ᠰᠡᠳᠦᠪᠲᠦ ᠰᠤᠷᠤᠯᠴᠠᠯᠭ᠎ᠠ  ᠰᠤᠷᠤᠯᠴᠠᠵᠤ ᠰᠤᠳᠤᠯᠤᠨ ᠶᠠᠷᠢᠯᠴᠠᠬᠤ᠂ ᠣᠨᠣᠯ ᠤᠨ ᠤᠬᠠᠭᠤᠯᠭ᠎ᠠ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠶ᠃ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠡᠯ᠎ᠡ ᠲᠥᠷᠥᠯ ᠤᠨ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠰᠡᠳᠬᠢᠬᠦᠶ ᠪᠠᠷ ᠪᠥᠬᠦ ᠬᠤᠰᠢᠭᠤᠨ ᠤ ᠡᠯ᠎ᠡ ᠲᠥᠷᠥᠯ  ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号