ᠤᠯᠢᠶᠠᠰᠤᠲᠠᠢ ᠪᠠᠯᠭᠠᠰᠤᠨ ᠤ ᠭᠤᠷᠪᠠᠳᠤᠭᠠᠷ ᠬᠤᠭᠤᠴᠠᠭᠠᠨ ᠤ ᠺᠠᠳ᠋ᠷ ᠠᠵᠢᠯᠲᠠᠨ ᠣᠯᠠᠨ ᠲᠦᠮᠡᠨ ᠤ ᠤᠯᠠᠮᠵᠢᠯᠠᠯᠲᠤ ᠵᠠᠩ ᠦᠢᠯᠡ ᠶᠢᠨ ᠲᠠᠮᠢᠷ ᠤᠨ ᠴᠤᠭᠯᠠᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/8/28
      8 ᠰᠠᠷ᠎ᠠ ᠶᠢᠨ 9 ᠤ ᠡᠳᠦᠷ᠂ ᠤᠯᠢᠶᠠᠰᠤᠲᠠᠢ ᠪᠠᠯᠭᠠᠰᠤᠨ ᠤ ᠡᠩᠬᠡᠵᠢᠷᠭᠠᠯᠠᠩ ᠭᠠᠴᠠᠭᠠᠨ ᠤ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ ᠨᠢ ᠬᠥᠷ ᠬᠥᠭᠵᠢᠶᠡᠨ ᠢᠶᠠᠷ ᠪᠢᠯᠬᠠᠵᠦ᠂ ᠤᠯᠠᠮᠵᠢᠯᠠᠯᠲᠤ ᠵᠠᠩ ᠦᠢᠯᠡ ᠶᠢᠨ ᠲᠠᠮᠢᠷ ᠤᠨ ᠴᠤᠭᠯᠠᠭᠠᠨ ᠠᠳᠡ ᠬᠦᠷ ᠬᠥᠭᠵᠢᠶᠡᠨᠲᠡᠢ ᠶᠠᠪᠤᠭᠳᠠᠵᠤ᠂ ᠮᠠᠰᠢ ᠤᠯᠠᠨ ᠬᠦᠮᠦᠰ ᠠᠳᠡ ᠢᠷᠡᠵᠦ ᠤᠷᠤᠯᠳᠤᠭᠠᠨ ᠰᠣᠨᠢᠷᠬᠠᠵᠤ ᠪᠠᠶᠢᠯ᠎ᠠ᠃ ᠱᠠᠭ᠎ᠠ᠂ ᠮᠣᠩᠭᠤᠯ ᠰᠢᠲᠠᠷ᠎ᠠ᠂ ᠶᠢᠰᠦᠨ ᠭᠠᠷᠠᠬ᠎ᠠ᠂ ᠪᠤᠤᠬᠢᠶ᠎ᠠ ᠭᠦᠶᠦᠯᠲᠡ᠂ ᠳᠡᠭᠡᠰᠦ ᠲᠠᠲᠠᠬᠤ ᠵᠡᠷᠭᠡ ᠤᠷᠤᠯᠳᠤᠭᠠᠨ ᠡᠭᠡᠯᠵᠢᠯᠡᠨ ᠶᠠᠪᠤᠭᠳᠠᠵᠤ᠂ ᠬᠤᠷᠴᠠ ᠰᠢᠷᠦᠭᠦᠨ ᠦᠷᠢᠰᠦᠯᠳᠦᠭᠡᠨ ᠢ ᠣᠯᠠᠨ ᠳᠤ ᠬᠠᠷᠠᠭᠤᠯᠤᠨ᠎ᠠ᠃      ᠱᠠᠭ᠎ᠠ ᠶᠢᠨ ᠤᠷᠤᠯᠳᠤᠭᠠᠨ ᠤ ᠠᠬᠤᠢ ᠲᠠᠯᠠᠪᠠᠢ ᠳᠤ ︽ᠱᠠᠭ᠎ᠠ ᠨᠢᠰᠠᠯᠬᠤ  ︾ ᠪᠠ ︽ᠮᠣᠷᠢ ᠤᠷᠤᠯᠳᠤᠬᠤ  ︾ ᠬᠤᠶᠠᠷ ᠲᠥᠷᠦᠯ ᠢ ᠲᠣᠬᠢᠷᠠᠭᠤᠯᠵᠤ᠂ ᠤᠷ᠎ᠠ ᠮᠡᠷᠭᠡᠵᠢᠯ ᠪᠠ ᠤᠶᠤᠨ ᠪᠢᠯᠢᠭ ᠢᠶᠠᠨ ᠰᠤᠷᠢᠨ᠎ᠠ᠃ ᠰᠢᠳᠡᠷ᠎ᠠ ᠶᠢᠨ ᠤᠷᠤᠯᠳᠤᠭᠠᠨ᠂ ᠶᠢᠰᠦᠨ ᠭᠠᠷᠠᠬ᠎ᠠ ᠶᠢᠨ ᠤᠷᠤᠯᠳᠤᠭᠠᠨ ᠤ ᠲᠠᠯᠠᠪᠤᠷ ᠲᠤ ᠤᠷᠤᠯᠴᠠᠭᠰᠠᠳ ᠥᠪᠡᠷᠮᠢᠴᠡ ᠠᠪᠢᠶᠠᠰ ᠪᠢᠯᠢᠭ ᠪᠠ ᠷᠢᠳᠢ ᠰᠢᠳᠢ ᠶᠢ ᠭᠦᠢᠴᠡᠳ ᠢᠯᠡᠷᠡᠭᠦᠯᠦᠭᠰᠡᠨ ᠪᠠᠶᠢᠨ᠎ᠠ  ᠃      8 × 100 ᠮᠧᠲᠷ ᠤᠨ ᠪᠤᠤᠬᠢᠶ᠎ᠠ ᠤᠷᠤᠯᠳᠤᠭᠤᠨ ᠳᠤ᠂ ᠲᠠᠮᠢᠷᠴᠢᠳ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠲᠡᠭᠦᠯᠳᠡᠷ᠂ ᠪᠤᠤᠬᠢᠶ᠎ᠠ ᠰᠢᠳᠠᠮ ᠢ ᠬᠡᠳᠦ ᠤᠳᠠᠭ᠎ᠠ ᠳᠠᠮᠵᠢᠭᠤᠯᠵᠤ᠂ ᠬᠤᠷᠳᠤᠴᠠ ᠪᠠ ᠣᠷᠭᠢᠯᠤᠮ᠎ᠠ ᠰᠡᠳᠬᠢᠯᠭᠡ᠂ ᠪᠡᠶ᠎ᠡ ᠮᠠᠬᠠᠪᠣᠳ ᠪᠠ ᠲᠡᠰᠪᠦᠷᠢ ᠲᠡᠪᠴᠢᠶᠡᠷᠢ ᠶᠢᠨ ᠲᠡᠮᠡᠴᠡᠭᠡᠨ ᠢ ᠬᠠᠷᠠᠭᠤᠯᠵᠤ᠂ ᠡᠷᠡᠯᠬᠡᠭᠯᠡᠨ       ᠲᠡᠮᠡᠴᠡᠵᠦ᠂ ᠪᠦᠯᠬᠦᠮᠳᠡᠨ ᠬᠠᠮᠵᠢᠯᠴᠠᠬᠤ ᠲᠡᠮᠡᠴᠡᠯ ᠤᠨ ᠵᠣᠷᠢᠭ ᠰᠠᠨᠠᠭ᠎ᠠ ᠶᠢ ᠠᠮᠢᠳᠤᠯᠢᠭ ᠢᠶᠠᠷ ᠲᠠᠢᠯᠪᠤᠷᠢᠯᠠᠭᠰᠠᠨ ᠪᠠᠶᠢᠨ᠎ᠠ  ᠃      ᠤᠷᠤᠯᠳᠤᠭᠠᠨ ᠬᠤᠷᠴᠠ ᠰᠢᠷᠦᠭᠦᠨ ᠶᠠᠪᠤᠭᠳᠠᠵᠤ᠂ ᠱᠠᠭ᠎ᠠ ᠨᠢᠰᠠᠯᠬᠤ᠂ ᠮᠣᠷᠢ ᠤᠷᠤᠯᠳᠤᠬᠤ᠂ ᠮᠣᠩᠭᠤᠯ ᠰᠢᠳᠡᠷ᠎ᠠ᠂ ᠶᠢᠰᠦᠨ ᠭᠠᠷᠠᠬ᠎ᠠ ᠶᠢᠨ ᠤᠷᠤᠯᠳᠤᠭᠠᠨ ᠢᠶᠠᠷ ᠨᠢᠭᠡᠳᠦᠭᠡᠷ᠂ ᠬᠤᠶᠠᠳᠤᠭᠠᠷ  ᠂ ᠭᠤᠷᠪᠠᠳᠤᠭᠠᠷ ᠳᠡᠰ ᠲᠤ ᠲᠣᠰ ᠲᠣᠰ ᠨᠢᠭᠡ ᠬᠦᠮᠦᠨ ᠰᠢᠯᠭᠠᠷᠠᠭᠤᠯᠤᠨ ᠱᠠᠩᠨᠠᠵᠤ᠂ 8 × 100 ᠮᠧᠲᠷ ᠤᠨ ᠪᠤᠤᠬᠢᠶ᠎ᠠ ᠤᠷᠤᠯᠳᠤᠭᠠᠨ᠂ ᠳᠡᠭᠡᠰᠦ ᠲᠠᠲᠠᠬᠤ ᠬᠠᠮᠲᠤ ᠨᠢᠭᠡᠴᠡ ᠶᠢᠨ ᠤᠷᠤᠯᠳᠤᠭᠠᠨ ᠳᠤ ᠲᠤᠰ ᠲᠤᠰ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠨᠢᠭᠡ ᠨᠢᠭᠡᠴᠡ ᠶᠢ ᠰᠢᠯᠭᠠᠷᠠᠭᠤᠯᠵᠠᠢ᠃      ᠤᠯᠠᠮᠵᠢᠯᠠᠯᠲᠤ ᠵᠠᠩ ᠦᠢᠯᠡ ᠬᠢᠭᠡᠳ ᠣᠳᠣ ᠦᠶ᠎ᠡ ᠶᠢᠨ ᠲᠠᠮᠢᠷ ᠤᠨ ᠬᠥᠳᠡᠯᠭᠡᠭᠡᠨ ᠤ ᠵᠦᠢᠯ ᠰᠣᠯᠪᠢᠴᠠᠭᠰᠠᠨ  ᠨᠢ ᠤᠯᠢᠶᠠᠰᠤᠲᠠᠢ ᠪᠠᠯᠭᠠᠰᠤᠨ ᠤ ᠭᠤᠷᠪᠠᠳᠤᠭᠠᠷ ᠬᠤᠭᠤᠴᠠᠭᠠᠨ ᠤ ᠺᠠᠳ᠋ᠷ ᠠᠵᠢᠯᠲᠠᠨ ᠣᠯᠠᠨ ᠲᠦᠮᠡᠨ ᠤ ᠲᠠᠮᠢᠷ ᠤᠨ ᠴᠤᠭᠯᠠᠭᠠᠨ ᠳᠤ ᠠᠮᠢᠵᠢᠷᠠᠯ ᠤᠨ ᠬᠦᠴᠦᠨ ᠪᠠ ᠥᠩᠭᠡ ᠪᠤᠳᠤᠭ ᠨᠡᠮᠡᠷᠢᠯᠡᠭᠰᠡᠨ ᠪᠠᠶᠢᠨ᠎ᠠ᠃ ᠲᠤᠰ ᠤᠳᠠᠭ᠎ᠠ ᠶᠢᠨ ᠲᠠᠮᠢᠷ ᠤᠨ ᠴᠤᠭᠯᠠᠭᠠᠨ ᠨᠢ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠪᠣᠯᠤᠨ ᠠᠷᠠᠳ ᠤᠨ ᠵᠠᠩ ᠦᠢᠯᠡ  ᠶᠢᠨ ᠰᠣᠶᠣᠯ ᠢ ᠳᠡᠯᠭᠡᠨ ᠦᠵᠡᠭᠦᠯᠬᠦ ᠳᠤ ᠲᠠᠪᠴᠠᠩ ᠬᠠᠩᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠢᠳᠤᠷᠠᠯ ᠢ ᠬᠠᠶᠢᠷᠠᠯᠠᠬᠤ᠂ ᠪᠦᠯᠬᠦᠮᠳᠡᠨ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠤᠯᠠᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠠᠢ᠃ ᠡᠨᠡ ᠪᠣᠯ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠠᠮᠢᠳᠤᠯᠢᠭ ᠵᠢᠷᠤᠭᠯᠠᠯ ᠮᠥᠨ᠂ ᠨᠡᠩ ᠴᠤ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠬᠤ ᠪᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠣᠳᠠᠲᠠᠢ ᠠᠵᠢᠯᠯᠠᠭ᠎ᠠ ᠮᠥᠨ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号