ᠥᠪᠥᠷ ᠮᠣᠩᠭᠤᠯ ᠤᠨ 9 ᠠᠶᠢᠮᠠᠭ ᠬᠤᠲᠠ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠭᠡᠬᠦ︾ ᠪᠣᠯᠪᠠ
ᠨᠡᠶᠢᠲᠡᠯᠡᠭᠰᠡᠨ ᠴᠠᠭ᠄
2024/8/28
    8 ᠳ᠋ᠤᠭᠠᠷ ᠰᠠᠷ᠎ᠠ ᠶᠢᠨ 22 ᠤᠨ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠪᠥᠬᠦ ᠣᠷᠣᠨ ᠳᠠᠬᠢ ᠬᠥᠬᠡᠬᠤᠲᠠ᠂ ᠪᠤᠭᠤᠲᠤ᠂ ᠬᠥᠯᠥᠨ ᠪᠤᠶᠢᠷ᠂ ᠲᠦᠩᠯᠢᠶᠣᠤ᠂ ᠤᠯᠠᠭᠠᠨᠬᠠᠳᠠ᠂ ᠤᠯᠠᠭᠠᠨᠴᠠᠪ᠂ ᠣᠷᠳᠣᠰ᠂ ᠪᠠᠶᠠᠨᠨᠠᠭᠤᠷ᠂ ᠠᠯᠠᠱᠠ ᠵᠡᠷᠭᠡ 9 ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠢᠶᠠᠷ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠥᠬᠡᠶ ᠭᠡᠷᠡᠴᠢ ᠶᠢᠨ ︽ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠲᠤᠬᠠᠶᠢᠯᠠᠭᠰᠠᠨ ᠠᠵᠢᠯ ᠲᠠᠢ ᠪᠣᠯᠪᠠ᠃    2023 ᠣᠨ ᠳᠤ᠂ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠭᠠᠷᠭᠠᠬᠤ ᠲᠤᠬᠠᠶᠢᠯᠠᠭᠰᠠᠨ ᠠᠵᠢᠯ ᠢ ᠨᠡᠶᠢᠲᠡ 50 ᠭᠠᠷᠤᠢ ᠲᠦᠮᠡᠨ ᠬᠤᠪᠢ ᠭᠦᠢᠴᠡᠳᠬᠡᠭᠰᠡᠨ ᠪᠣᠯᠬᠤᠷ ᠲᠤᠰ ᠲᠤᠬᠠᠶᠢᠯᠠᠭᠰᠠᠨ ᠠᠵᠢᠯ ᠨᠢᠭᠡᠨᠲᠡ ᠥᠨᠳᠥᠷ ᠳᠠᠪᠲᠠᠮᠵᠢ ᠲᠠᠢ ᠠᠵᠢᠯ ᠶᠠᠪᠤᠳᠠᠯ ᠳᠤ ᠲᠣᠭᠠᠴᠠᠭᠳᠠᠪᠠ᠃ ᠣᠯᠠᠨ ᠲᠦᠮᠡᠨ ᠢ ︽ᠳᠤᠲᠠᠭᠤ ᠭᠦᠶᠦᠯᠭᠡᠨ ᠪᠠᠶᠢᠵᠤ ᠠᠵᠢᠯ ᠶᠠᠪᠤᠳᠠᠯ ᠢ ᠨᠢ ᠭᠦᠢᠴᠡᠳᠬᠡᠬᠦ︾᠂ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠨᠠᠷ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠣᠨᠣᠯᠵᠢᠬᠤᠨ ᠢᠶᠠᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠤᠯᠪᠤᠭᠳᠠᠯ ᠪᠥᠬᠦᠶ ᠠᠵᠢᠯ ᠲᠥᠷᠥᠯ ᠤᠨ ᠴᠠᠭᠳᠠᠭ᠎ᠠ ᠪᠠ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ᠂        ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠳᠤ ᠲᠦᠰᠢᠭᠯᠡᠨ᠂ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠭᠠᠷᠭᠠᠬᠤ ᠲᠤᠬᠠᠶᠢᠯᠠᠭᠰᠠᠨ ᠠᠵᠢᠯ ᠤᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠴᠢᠳᠠᠮᠵᠢ ᠶᠢ ᠨᠡᠭᠡᠭᠡᠨ ᠠᠵᠢᠯᠯᠠᠭᠤᠯᠵᠤ᠂ ᠠᠶᠢᠮᠠᠭ ᠬᠤᠲᠠ ᠨᠤᠭᠤᠳ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢ ᠪᠦᠯᠦᠭ ᠬᠤᠪᠢᠶᠠᠨ ᠵᠣᠬᠢᠶᠠᠨ ᠪᠠᠶᠢᠭᠤᠯᠵᠤ ᠰᠦᠯᠵᠢᠶᠡᠨ ᠳᠡᠭᠡᠷ᠎ᠡ ᠲᠤᠷᠰᠢᠨ ᠠᠵᠢᠯᠯᠠᠭᠤᠯᠵᠤ ᠡᠬᠢᠯᠡᠪᠡ᠃ ᠡᠨᠡ ᠬᠦ ᠴᠢᠳᠠᠮᠵᠢ ᠶᠢ ᠰᠦᠯᠵᠢᠶᠡᠨ ᠳᠤ ᠭᠠᠷᠭᠠᠭᠰᠠᠨ ᠠᠴᠠ ᠨᠠᠭᠠᠰᠢ᠂ ᠣᠯᠠᠨ ᠲᠦᠮᠡᠨ ᠨᠠᠭᠠᠰᠢ ᠴᠠᠭᠠᠰᠢ ᠬᠦᠶᠦᠬᠦ ᠴᠢᠬᠤᠯᠠ ᠥᠬᠡᠶ         ᠪᠣᠯᠵᠤ᠂ ᠵᠥᠪᠬᠡᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠳᠤ ᠦᠨᠡᠨ ᠨᠡᠷ᠎ᠡ ᠪᠠᠨ ᠳᠠᠩᠰᠠᠯᠠᠭᠤᠯᠵᠤ᠂ ᠲᠠᠪᠴᠠᠩ ᠤᠨ ᠪᠡᠶ᠎ᠡ ᠬᠡᠮ ᠬᠢᠨᠠᠨ ᠰᠢᠯᠭᠠᠬᠤ ᠴᠢᠳᠠᠮᠵᠢ ᠶᠢ ᠨᠢ ᠠᠰᠢᠭᠯᠠᠨ᠂ ᠮᠡᠳᠡᠭᠡ ᠵᠠᠩᠭᠢ ᠪᠠᠨ ᠠᠦ᠋ᠲ᠋ᠣ᠋ ᠪᠠᠷ ᠬᠠᠷᠭᠤᠭᠤᠯᠤᠨ ᠰᠢᠯᠭᠠᠭᠤᠯᠪᠠᠯ ᠭᠤᠶᠤᠴᠢᠯᠠᠯ ᠢᠶᠠᠨ ᠲᠤᠰᠢᠶᠠᠵᠤ ᠪᠣᠯᠣᠨ᠎ᠠ᠃ ᠠᠷᠠᠳ ᠤᠨ ᠴᠠᠭᠳᠠᠭ᠎ᠠ ᠭᠤᠶᠤᠴᠢᠯᠠᠭᠰᠠᠨ ᠵᠦᠢᠯ ᠢ ᠨᠢ ᠭᠦᠢᠴᠡᠳᠬᠡᠭᠰᠡᠨ ᠤ ᠳᠠᠷᠠᠭ᠎ᠠ᠂ ᠭᠠᠷᠭᠠᠵᠤ ᠥᠭᠭᠦᠭᠰᠡᠨ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ᠡᠯᠧᠺᠳ᠋ᠷᠣᠨ ᠬᠡᠪᠯᠡᠯ ᠢ ᠲᠠᠪᠴᠠᠩ ᠤᠨ ᠬᠤᠪᠢ ᠬᠥᠮᠦᠨ ᠤ ᠲᠥᠪ ᠠᠴᠠ ᠬᠠᠶᠢᠨ ᠦᠵᠡᠵᠦ ᠪᠣᠯᠣᠨ᠎ᠠ᠂ ᠲᠡᠷᠡᠴᠢᠯᠡᠨ ᠲᠠᠪᠴᠠᠩ ᠤᠨ ᠲᠤᠰ ᠴᠢᠳᠠᠮᠵᠢ ᠨᠢ ᠮᠡᠷᠭᠡᠨ ᠴᠣᠬᠤᠷ ᠢ ᠰᠢᠷᠪᠢᠬᠦ᠂ ᠰᠦᠯᠵᠢᠶᠡᠨ ᠳᠡᠭᠡᠷ᠎ᠡ ᠰᠢᠯᠭᠠᠨ ᠪᠠᠲᠤᠯᠠᠬᠤ ᠵᠡᠷᠭᠡ ᠣᠯᠠᠨ ᠵᠦᠢᠯ ᠤᠨ ᠬᠠᠷᠭᠤᠭᠤᠯᠤᠨ ᠪᠠᠶᠢᠴᠠᠭᠠᠬᠤ ᠠᠷᠭ᠎ᠠ ᠮᠠᠶ᠋ᠢᠭ ᠢ ᠳᠡᠮᠵᠢᠨ᠎ᠡ᠃    ᠣᠲᠣ ᠪᠣᠯᠲᠠᠯ᠎ᠠ᠂ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠥᠬᠡᠶ ᠭᠡᠷᠡᠴᠢ ᠶᠢᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠭᠡᠬᠦ︾ ᠲᠤᠬᠠᠶᠢᠯᠠᠭᠰᠠᠨ ᠠᠵᠢᠯ ᠤᠨ ᠴᠢᠳᠠᠮᠵᠢ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠨᠡᠶᠢᠲᠡ 17.3 ᠲᠦᠮᠡ ᠭᠠᠷᠤᠶ ᠬᠤᠪᠢ ᠭᠡᠷᠡᠴᠢ ᠭᠠᠷᠭᠠᠵᠤ ᠥᠭᠪᠡ᠃ ᠲᠠᠨᠢᠯᠴᠠᠭᠤᠯᠤᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠤᠨ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ᠲᠤᠬᠠᠶᠢᠯᠠᠭᠰᠠᠨ ᠠᠵᠢᠯ ᠤᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠴᠢᠳᠠᠮᠵᠢ ᠪᠠᠨ 2024 ᠣᠨ ᠤ ᠵᠢᠯ ᠤᠨ ᠡᠴᠦᠰ ᠢᠶᠠᠷ ᠪᠥᠬᠦ ᠣᠷᠣᠨ ᠤ ᠰᠦᠯᠵᠢᠶᠡᠨ ᠳᠡᠭᠡᠷ᠎ᠡ ᠵᠢᠩᠬᠢᠨᠢ ᠪᠠᠷ ᠠᠵᠢᠯᠯᠠᠭᠤᠯᠬᠤ ᠪᠠᠷ ᠵᠢᠱᠢᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号