ᠣᠷᠴᠢᠮ ᠤᠨ ᠡᠳᠦᠷ ᠤᠳ ᠲᠤ᠂ ᠮᠠᠨ ᠤ ᠬᠤᠰᠢᠭᠤ ︽ᠴᠡᠭᠡᠨ ᠬᠥᠰᠢᠭᠡᠨ ᠳᠠᠬᠢ ᠤᠮᠠᠷᠠᠲᠤ ᠬᠢᠯᠢ ᠶᠢᠨ | ᠠᠶᠠᠯᠠᠯ︾ ᠬᠤᠪᠢᠰᠬᠠᠯᠲᠦ ᠺᠢᠨᠤ᠋ ᠶᠢᠨ ᠦᠵᠡᠭᠦᠯᠦᠯᠭᠡ ᠶᠢᠨ ᠰᠠᠷ᠎ᠠ ᠶᠢᠨ ᠬᠦᠳᠡᠯᠭᠡᠭᠡᠨ ᠶᠠᠪᠤᠭᠳᠠᠭᠤᠯᠪᠠ᠃ | ᠲᠤᠰ ᠤᠳᠠᠭᠠᠨ ᠤ ᠠᠵᠢᠯᠯᠠᠭ᠎ᠠ ᠶᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠨ᠎ᠡ ᠴᠠᠭ | ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠵᠣᠬᠢᠶᠠᠨ ᠪᠠᠶᠢᠭᠤᠯᠵᠤ᠂ ᠨᠡᠶᠢᠲᠡ ᠶᠢᠨ | ᠠᠰᠠᠷᠠᠮᠵᠢ ᠶᠢᠨ ᠺᠢᠨᠣ᠋ ᠭᠠᠷᠭᠠᠬᠤ ᠠᠩᠭᠢ ᠠᠴᠠ ᠶᠠᠪᠤᠭᠳᠠᠭᠤᠯᠤᠨ᠂ ᠪᠥᠬᠦ ᠬᠤᠰᠢᠭᠤᠨ ᠤ ᠬᠡᠪᠴᠢᠶᠡᠨᠳᠦ ᠨᠡᠭᠦᠳᠡᠯ | ᠺᠢᠨᠣ᠋ ᠭᠠᠷᠭᠠᠬᠤ ᠪᠠ ᠲᠣᠭᠲᠠᠮᠠᠯ ᠴᠡᠭ ᠲᠤ ᠺᠢᠨᠣ᠋ ᠭᠠᠷᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ | ᠶᠠᠪᠤᠭᠳᠠᠭᠤᠯᠵᠤ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠨᠢ 1 ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠬᠤ ᠪᠠᠷ | ᠪᠠᠶᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠤᠬᠡ ᠪᠣᠯᠣᠨ ᠠᠭᠤᠤ ᠭᠠᠪᠢᠶ᠎ᠠ ᠠᠤᠭ᠎ᠠ | ᠵᠢᠳᠬᠦᠯ ᠢ ᠬᠠᠷᠠᠭᠤᠯᠤᠭᠰᠠᠨ 20 ᠭᠠᠷᠦᠢ ᠰᠢᠯᠢᠳᠡᠭ ᠺᠢᠨᠤ᠋ ᠪᠦᠲᠦᠭᠡᠯ ᠢ ᠥᠷᠭᠡᠨ ᠣᠯᠠᠨ ᠲᠦᠮᠡᠨ ᠳᠤ | ᠰᠣᠨᠢᠷᠬᠠᠭᠤᠯᠤᠨ ᠲᠡᠳᠡᠨ ᠤ ᠤᠳᠬ᠎ᠠ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠪᠣᠯᠣᠨ᠎ᠠ᠃ | ᠲᠣᠰ ᠤᠳᠠᠭᠠᠨ ᠤ ᠦᠵᠡᠭᠦᠯᠦᠯᠭᠡ ᠨᠢ 8 ᠰᠠᠷ᠎ᠠ ᠶᠢᠨ 1 ᠠᠴᠠ ᠡᠬᠢᠯᠡᠨ 9 ᠰᠠᠷ᠎ᠠ ᠶᠢᠨ 1 ᠤ ᠡᠳᠦᠷ | ᠪᠣᠯᠲᠠᠯ᠎ᠠ ᠦᠷᠭᠦᠯᠵᠢᠯᠡᠵᠦ᠂ ᠬᠤᠰᠢᠭᠤ ᠡᠯ᠎ᠡ ᠨᠡᠶᠢᠭᠡᠮ ᠲᠣᠭᠤᠷᠢᠭ᠂ ᠠᠭᠤᠳᠠᠮ ᠲᠠᠯᠠᠪᠠᠶ᠂ ᠨᠠᠰᠤᠲᠠᠨ ᠢ ᠠᠰᠠᠷᠠᠬᠤ | ᠬᠦᠷᠢᠶᠡᠯᠡᠩ᠂ ᠮᠠᠯᠵᠢᠬᠤ ᠣᠷᠣᠨ ᠵᠡᠷᠭᠡ ᠭᠠᠵᠠᠷ ᠲᠤ ᠶᠠᠪᠤᠭᠳᠠᠵᠤ᠂ ᠣᠳᠣᠬᠠᠨ ᠳᠤ ᠪᠥᠬᠦ ᠬᠤᠰᠢᠭᠤᠨ ᠤ 4 ᠰᠤᠮᠤ | ᠪᠠᠯᠭᠠᠰᠤᠨ ᠳᠤ ᠨᠢᠭᠡᠨᠲᠡ 60 ᠭᠠᠷᠤᠢ ᠤᠳᠠᠭ᠎ᠠ ᠬᠤᠪᠢᠰᠬᠠᠯᠲᠦ ᠺᠢᠨᠣ᠋ ᠤᠨ ᠦᠵᠡᠭᠦᠯᠭᠡ ᠬᠢᠭᠰᠡᠨ ᠪᠠᠶᠢᠨ᠎ᠠ᠃ | ᠣᠶᠢᠯᠭᠠᠭᠰᠠᠨ ᠢᠶᠠᠷ᠂ 2024 ᠣᠨ ᠳᠤ᠂ ᠮᠠᠨ ᠤ ᠬᠤᠰᠢᠭᠤ ᠨᠢ 744 ᠤᠳᠠᠭ᠎ᠠ ᠶᠢᠨ ᠨᠡᠶᠢᠲᠡ ᠶᠢᠨ | ᠠᠰᠠᠷᠠᠮᠵᠢ ᠶᠢᠨ ᠺᠢᠨᠣ᠋ ᠭᠠᠷᠭᠠᠬᠤ ᠪᠠᠷ ᠲᠥᠯᠥᠪᠯᠡᠵᠦ᠂ ᠣᠲᠣ ᠪᠣᠯᠲᠠᠯ᠎ᠠ ᠨᠢᠭᠡᠨᠲᠡ 490 ᠭᠠᠷᠤᠢ ᠤᠳᠠᠭ᠎ᠠ ᠺᠢᠨᠣ᠋ | ᠭᠠᠷᠭᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ᠂ ᠤᠷᠮᠠᠰᠢᠭᠤᠯᠤᠨ ᠵᠣᠷᠢᠭᠵᠢᠭᠤᠯᠬᠤ᠂ ᠤᠯᠤᠰ ᠢᠶᠠᠨ | ᠬᠠᠶᠢᠷᠠᠯᠠᠬᠤ ᠰᠤᠷᠭᠠᠨ ᠬᠥᠮᠦᠵᠢᠯ ᠵᠡᠷᠭᠡ ᠠᠭᠤᠯᠭ᠎ᠠ ᠰᠡᠳᠦᠪ ᠲᠠᠢ ᠺᠢᠨᠤ᠋ ᠨᠤᠭᠤᠳ ᠪᠠᠭᠲᠠᠵᠤ ᠪᠠᠶᠢᠨ᠎ᠠ᠃ |