ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠠᠪᠤᠭᠳᠠᠪᠡ
ᠨᠡᠶᠢᠲᠡᠯᠡᠭᠰᠡᠨ ᠴᠠᠭ᠄
2024/9/11
      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠶᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠤᠯ ᠠᠶᠢᠮᠠᠭ ᠤᠨ ᠬᠤᠷᠢᠶᠠᠨ ᠤ 2024 ᠣᠨ ᠤ ᠬᠤᠶᠠᠳᠤᠭᠠᠷ ᠤᠳᠠᠭᠠᠨ ᠤ         ︵ᠥᠷᠭᠡᠳᠬᠡᠭᠰᠡᠨ︶ ᠬᠤᠷᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 8 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠤᠰᠢᠭᠤ ᠲᠠᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠺᠧ ᠰᠢᠶᠤᠤ ᠮᠢᠩ ᠠᠵᠢᠯᠯᠠᠭ᠎ᠠ ᠳᠤ ᠣᠷᠣᠯᠴᠠᠵᠤ᠂ ᠬᠤᠰᠢᠭᠤ ᠲᠠᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠰᠢᠭᠤ ᠨᠠᠮ ᠤᠨ ᠰᠤᠷᠭᠠᠭᠤᠯᠢ ᠶᠢᠨ ᠪᠠᠭᠰᠢ ᠸᠧᠶ ᠹᠧᠩ ᠼᠠᠢ ᠠᠴᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ  ᠶᠢᠨ ᠪᠥᠬᠦ ᠺᠠᠳ᠋ᠷ ᠴᠠᠭᠳᠠᠭ᠎ᠠ ᠳᠤ ᠤᠬᠠᠭᠤᠯᠤᠨ ᠲᠠᠶᠢᠯᠪᠤᠷᠢᠯᠠᠪᠠ  ᠃      ᠸᠧᠶ ᠹᠧᠩ ᠼᠠᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ᠂ ᠭᠦᠨᠵᠡᠭᠡᠶ᠂ ᠰᠢᠰᠲ᠋ᠧᠮ ᠲᠠᠢ ᠲᠠᠶᠢᠯᠪᠦᠷᠢᠯᠠᠵᠤ᠂ ᠪᠦᠭᠦᠳᠡ ᠬᠤᠷᠠᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠭᠦᠨᠵᠡᠭᠡᠢ ᠣᠶᠢᠯᠠᠭᠠᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠠ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ  ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠵᠡᠷᠭᠡ ᠲᠠᠯ᠎ᠠ ᠪᠠᠷ᠂ ᠠᠮᠢᠳᠤᠯᠢᠭ ᠬᠡᠷᠡᠭ ᠤᠨ ᠵᠢᠱᠢᠶ᠎ᠡ ᠪᠠ ᠨᠠᠷᠢᠨ ᠪᠣᠳᠠᠲᠠᠢ ᠲᠤᠭ᠎ᠠ ᠪᠠᠷᠢᠮᠲᠠ ᠪᠠᠷ ᠳᠠᠮᠵᠢᠭᠤᠯᠤᠨ ᠪᠦᠭᠦᠳᠡ ᠬᠤᠷᠠᠯ ᠤᠨ ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠣᠳᠣᠷᠬᠠᠶᠢᠯᠠᠨ ᠥᠭᠦᠯᠡᠪᠡ  ᠃      ᠣᠯᠠᠨ ᠢᠶᠠᠷ ᠢᠶᠠᠨ ᠨᠠᠷᠢᠨ ᠬᠢᠨᠠᠮᠠᠭᠠᠶ ᠰᠣᠨᠣᠰᠴᠤ᠂ ᠨᠠᠷᠢᠨ ᠬᠢᠨᠠᠮᠠᠭᠠᠶ ᠲᠡᠮᠳᠡᠭᠯᠡᠪᠡ  ᠃      ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ ᠵᠤᠤ ᠶᠢᠨ ᠰᠦᠩ ᠢᠯᠡᠷᠬᠡᠶᠢᠯᠡᠬᠦ ᠳᠡᠭᠡᠨ᠄ 《 ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠡᠩ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠵᠦ ᠪᠠᠲᠤᠯᠠᠭ᠎ᠠ ᠬᠠᠩᠭᠠᠬᠤ ᠶᠢ ᠨᠠᠳᠠ ᠳᠤ ᠨᠡᠩ ᠲᠣᠳᠣᠷᠬᠠᠢ ᠮᠡᠳᠡᠭᠦᠯᠵᠡᠢ᠃ 》ᠭᠡᠪᠡ᠃      ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠤ ᠳᠤᠮᠳᠠ ᠴᠠᠭ ᠲᠤᠬᠠᠶ ᠳᠤᠨᠢ ᠤᠯᠠᠮᠵᠢᠯᠠᠵᠤ᠂ ᠪᠥᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠠ ᠪᠠᠶᠠᠯᠢᠭ ᠠᠭᠤᠯᠤᠭᠳᠠᠬᠤᠨ ᠢ ᠭᠦᠨᠵᠡᠭᠡᠶ ᠤᠶᠢᠯᠠᠭᠠᠨ ᠡᠵᠡᠮᠰᠢᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ  ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ᠂ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠡᠭᠦᠨ ᠦᠵᠦᠮᠦᠴᠢᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠣᠯᠣᠨ᠎ᠠ ᠭᠡᠵᠦ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢᠯᠡᠷᠬᠡᠶᠢᠯᠡᠵᠡᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号