ᠬᠤᠰᠢᠭᠤ ᠨᠠᠮ ᠤᠨ ᠬᠤᠷᠢᠶᠠᠨ ᠤ《ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ              ᠴᠡᠷᠢᠭ 》ᠬᠠᠲᠠᠪᠴᠢ ᠪᠠᠯᠭᠠᠰᠤᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠬᠤᠷᠠᠯ ᠦᠷᠨᠢᠭᠦᠯᠪᠡ
ᠨᠡᠶᠢᠲᠡᠯᠡᠭᠰᠡᠨ ᠴᠠᠭ᠄
2024/9/11
      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠭᠤᠰᠢᠯᠠᠭᠤᠯᠬᠤ ᠶᠢᠨ ᠲᠥᠯᠥᠭᠡ᠂ 8 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ︿︿ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ﹀﹀ ᠬᠠᠳᠠᠪᠴᠢ ᠪᠠᠯᠭᠠᠰᠤᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠬᠤᠷᠠᠯ ᠦᠷᠨᠢᠭᠦᠯᠪᠡ᠃      ᠬᠠᠳᠠᠪᠴᠢ ᠪᠠᠯᠭᠠᠰᠤᠨ ᠤ ᠪᠥᠬᠦ ᠺᠠᠳ᠋ᠷ ᠠᠵᠢᠯᠲᠠᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠪᠣᠯᠣᠨ ᠨᠠᠮ ᠤᠨ ᠭᠡᠰᠢᠭᠦᠳ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠣᠷᠣᠯᠴᠠᠪᠠ᠃      ᠬᠤᠰᠢᠭᠤ ᠨᠠᠮ ᠤᠨ ᠬᠤᠷᠢᠶᠠᠨ ᠤ ︿︿ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ﹀﹀ ᠤᠨ ᠪᠦᠷᠢᠯᠳᠦᠬᠦᠨ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠵᠣᠷᠢᠭᠲᠤ ᠪᠣᠯᠤᠨ ᠨᠠᠮ ᠤᠨ ᠰᠤᠷᠭᠠᠭᠤᠯᠢ ᠶᠢᠨ ᠪᠠᠭᠰᠢ ᠲᠤᠷᠤᠨᠲᠤᠶᠠᠭ᠎ᠠ ᠠᠴᠠ ᠲᠤᠰ ᠲᠤᠰ ︿︿ᠰᠢᠨ᠎ᠡ ᠦᠵᠡᠯ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠶᠢ ᠬᠥᠲᠥᠯᠥᠨ ᠳᠠᠭᠠᠭᠤᠯᠵᠤ ᠨᠠᠮ ᠤᠨ ᠬᠤᠷᠢᠳᠤᠭᠠᠷ ᠬᠤᠭᠤᠴᠠᠭᠠᠨ  ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠶ᠎ᠠ﹀﹀᠂ ︿︿ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ  ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠶ᠎ᠡ﹀﹀ ᠭᠡᠬᠦ ᠭᠤᠣᠯ ᠰᠡᠳᠦᠪ ᠢᠶᠠᠷ᠂ ᠨᠠᠮ ᠤᠨ ᠬᠤᠷᠢᠳᠤᠭᠠᠷ ᠬᠤᠭᠤᠴᠠᠭᠠᠨ  ᠤ ᠬᠤᠶᠠᠳᠤᠭᠠᠷ ᠪᠥᠬᠦᠳᠡ ᠬᠤᠷᠠᠯ ᠠᠴᠠ ᠨᠠᠭᠠᠰᠢᠬᠢ ᠨᠠᠮ ᠪᠠ ᠤᠯᠤᠰ ᠤᠨ ᠠᠵᠢᠯ ᠦᠶᠯᠡᠰ ᠤᠨ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠭᠦᠨᠵᠡᠭᠡᠶ ᠲᠠᠨᠢᠬᠤ᠂ ᠪᠥᠬᠦᠳᠡ ᠬᠤᠷᠠᠯ ᠤᠨ ᠭᠤᠤᠯ ᠰᠡᠳᠦᠪ ᠢ ᠭᠦᠨᠵᠡᠭᠡᠶ ᠲᠠᠨᠢᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠵᠠᠷᠴᠢᠮ ᠢ ᠭᠦᠨᠵᠡᠭᠡᠶ ᠲᠠᠨᠢᠬᠤ᠂ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠳᠤᠮᠳᠠ ᠡᠵᠡᠮᠰᠢᠬᠦ ᠴᠢᠬᠤᠯᠠᠲᠠᠶ ᠵᠠᠷᠢᠮ ᠴᠢᠬᠤᠯᠠ ᠶᠡᠭᠡ ᠠᠰᠠᠭᠤᠳᠠᠯ ᠢ ᠭᠦᠨᠵᠡᠭᠡᠶ ᠲᠠᠨᠢᠬᠤ᠂ ᠨᠠᠮ ᠤᠨ ᠲᠥᠪ ᠬᠤᠷᠢᠶᠠᠨ ᠤ ᠳᠣᠣᠷ᠎ᠠ ᠬᠠᠭᠠᠰ ᠵᠢᠯ  ᠤᠨ ᠠᠵᠢᠯ ᠤᠨ ᠲᠤᠬᠠᠢ ᠴᠢᠬᠤᠯᠠ ᠪᠠᠶᠢᠷᠢᠯᠠᠭᠤᠯᠤᠯᠲᠠ ᠶᠢ ᠭᠦᠨᠵᠡᠭᠡᠢ ᠲᠠᠨᠢᠬᠤ ᠵᠢᠴᠢ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠭᠵᠢᠯᠲᠡ ᠶᠢᠨ ᠰᠤᠳᠠᠰᠤ᠂ ᠭᠤᠣᠯ ᠠᠭᠤᠯᠭ᠎ᠠ᠂ ᠴᠢᠬᠤᠯᠠ ᠶᠡᠭᠡ ᠠᠴᠢ ᠬᠤᠯᠪᠣᠭᠳᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠠᠲᠤ ᠴᠣᠭᠴᠠᠯᠠᠬᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠬᠡᠷᠬᠢᠨ ᠰᠠᠶᠢᠲᠤᠷ ᠬᠢᠬᠦ ᠦᠢᠯᠡᠳᠦᠯᠭᠡ ᠶᠢᠨ ᠠᠷᠭ᠎ᠠ ᠵᠠᠮ ᠵᠡᠷᠭᠡ ᠠᠭᠤᠯᠭ᠎ᠠ ᠳᠤ ᠪᠦᠬᠦ ᠲᠠᠯ᠎ᠠ ᠶᠢᠨ ᠪᠥᠭᠡᠳ ᠭᠦᠨᠵᠡᠭᠡᠢ ᠲᠠᠶᠢᠯᠤᠮᠵᠢ ᠬᠢᠪᠡ᠃      ᠬᠤᠰᠢᠭᠤ ᠨᠠᠮ ᠤᠨ ᠬᠤᠷᠢᠶᠠᠨ ᠤ ︿︿ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ﹀﹀ ᠤᠨ ᠭᠡᠰᠢᠭᠦᠨ ᠠᠴᠠ ᠠᠵᠢᠯ ᠤᠨ ᠪᠣᠳᠠᠲᠤ ᠪᠠᠶᠢᠳᠠᠯ ᠪᠠ ᠥᠪᠡᠷ ᠤᠨ ᠥᠩᠭᠡᠷᠡᠯᠲᠡ ᠲᠠᠢ ᠪᠠᠨ ᠤᠶᠠᠯᠳᠤᠭᠤᠯᠤᠨ ᠭᠦᠨᠵᠡᠭᠡᠢ ᠦᠢᠯᠠᠭᠠᠮᠵᠢᠲᠠᠢ ᠲᠠᠶᠢᠯᠪᠤᠷᠢᠯᠠᠯᠲᠠ ᠬᠢᠵᠦ᠂ ᠬᠤᠷᠠᠯ ᠳᠤ ᠣᠷᠣᠯᠴᠠᠭᠰᠠᠳ ᠤᠨ ᠨᠠᠮ ᠤᠨ ᠬᠤᠷᠢᠳᠤᠭᠠᠷ ᠬᠤᠭᠤᠴᠠᠭᠠᠨ  ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠤᠯᠠᠮ ᠨᠢᠭᠡ ᠠᠯᠬᠤᠮ ᠤᠶᠢᠯᠠᠭᠠᠨ ᠡᠵᠡᠮᠰᠢᠬᠦ ᠶᠢ ᠭᠦᠨᠵᠡᠭᠡᠶᠢᠷᠡᠭᠦᠯᠪᠡ᠃    ※ ᠰᠣᠷᠪᠤᠯᠵᠢᠯᠠᠭ᠎ᠠ᠄  ᠬᠠᠳᠠᠪᠴᠢ ᠪᠠᠯᠭᠠᠰᠤᠨ ᠤ ᠪᠠᠶᠠᠨᠳᠣᠯᠭᠠᠨ ᠭᠠᠴᠠᠭᠠᠨ ᠤ ᠨᠠᠮ ᠤᠨ ᠡᠭᠦᠷ ᠤᠨ ᠱᠦᠵᠢ   ᠡᠷᠡᠳᠡᠨᠢᠴᠢᠯᠠᠭᠤ      ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠨᠢ ᠦᠵᠡᠯ ᠰᠠᠨᠠᠭᠠᠴᠢ ᠴᠢᠨᠠᠷ᠂ ᠤᠨᠤᠯ ᠤᠨ ᠴᠢᠨᠠᠷ᠂ ᠦᠢᠯᠡᠳᠦᠯᠭᠡ ᠶᠢᠨ ᠴᠢᠨᠠᠷ ᠢᠶᠠᠷ ᠴᠢᠩᠭ᠎ᠠ ᠪᠠᠶᠢᠵᠤ᠂ ᠬᠤᠷᠠᠯ ᠳᠤ ᠣᠷᠣᠯᠴᠠᠭᠰᠠᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ ᠡᠵᠡᠮᠰᠢᠬᠦ ᠳᠤ ᠮᠠᠰᠢ ᠴᠢᠩᠭ᠎ᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠣᠯᠠᠨ ᠢᠶᠠᠷ ᠢᠶᠠᠨ᠂ ᠬᠤᠶᠢᠰᠢᠳᠠ  ᠶᠢᠨ ᠠᠵᠢᠯ ᠤᠨ ᠳᠤᠮᠳᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠪᠠᠴᠢᠮ ᠲᠤᠯᠭᠠᠮ᠎ᠠ ᠠᠰᠠᠭᠤᠳᠠᠯ ᠪᠠ ᠬᠦᠴᠢᠷᠳᠡᠯ ᠳᠤ ᠰᠡᠳᠬᠢᠯ ᠳᠡᠯᠪᠢᠨ ᠰᠠᠶᠢᠲᠤᠷ ᠰᠢᠶᠳᠪᠦᠷᠢᠯᠡᠵᠦ᠂ ᠦᠨᠳᠦᠰᠦᠨ ᠱᠠᠲᠤᠨ ᠤ ᠦᠶᠯᠡᠴᠢᠯᠡᠭᠡᠨ ᠤ《 ᠡᠴᠦᠰ ᠤᠨ ᠨᠢᠭᠡ ᠺᠢᠯᠣᠮᠧᠲᠷ 》 ᠢ ᠴᠢᠷᠮᠠᠶᠢᠨ ᠨᠡᠪᠲᠡᠷᠡᠭᠦᠯᠵᠦ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号