ᠬᠤᠰᠢᠭᠤ ᠨᠠᠮ ᠤᠨ ᠰᠤᠷᠭᠠᠭᠤᠯᠢ ᠶᠢᠨ ︿︿ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ﹀﹀ ᠤᠨ ᠭᠡᠰᠢᠭᠦᠳ ᠰᠠᠮᠠᠢ ᠰᠤᠮᠤᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠦᠷᠢᠯᠠᠪᠠ
ᠨᠡᠶᠢᠲᠡᠯᠡᠭᠰᠡᠨ ᠴᠠᠭ᠄
2024/9/14
      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ 8 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ︿︿ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ﹀﹀  ᠰᠠᠮᠠᠢ ᠰᠤᠮᠤᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠬᠤᠷᠠᠯ ᠥᠷᠨᠢᠭᠦᠯᠵᠦ᠂ ᠰᠠᠮᠠᠢ ᠰᠤᠮᠤ ᠶᠢᠨ ᠪᠥᠬᠦ ᠺᠠᠳ᠋ᠷ ᠠᠵᠢᠯᠲᠠᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠵᠢᠴᠢ ᠨᠠᠮ ᠤᠨ ᠭᠡᠰᠢᠭᠦᠳ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠣᠷᠣᠯᠴᠠᠪᠠ  ᠃      《ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ》 ᠤᠨ ᠪᠦᠷᠢᠯᠳᠦᠬᠦᠨ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠵᠣᠷᠢᠭᠲᠤ ᠪᠣᠯᠤᠨ ᠲᠤᠷᠤᠨᠲᠤᠶᠠᠭ᠎ᠠ ᠲᠤᠰ ᠲᠤᠰ《ᠰᠢᠨ᠎ᠡ ᠦᠵᠡᠯ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠬᠥᠭᠵᠢᠯᠲᠡ ᠶᠢ ᠬᠦᠳᠦᠯᠦᠨ ᠳᠠᠭᠠᠭᠤᠯᠵᠤ ᠨᠠᠮ  ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠶ᠎ᠠ 》᠂《ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠶ᠎ᠠ﹀﹀ ᠭᠡᠬᠦ ᠭᠤᠣᠯ ᠰᠡᠳᠦᠪ ᠢᠶᠠᠷ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ  ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ ᠶᠢᠨ ᠲᠣᠭᠤᠷᠢᠨ ᠳᠤ᠂《 ᠲᠣᠭᠲᠠᠭᠠᠯ 》 ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠨᠣᠪᠴᠢᠲᠠᠶ ᠣᠶᠢᠯᠠᠭᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠭᠵᠢᠯᠲᠡ ᠶᠢᠨ ᠰᠤᠳᠠᠰᠤ᠂ ᠭᠤᠣᠯ ᠠᠭᠤᠯᠭ᠎ᠠ᠂ ᠴᠢᠬᠤᠯᠠ ᠶᠡᠭᠡ ᠠᠴᠢ ᠬᠤᠯᠪᠣᠭᠳᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠠᠲᠤ ᠴᠣᠭᠴᠠᠯᠠᠬᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠬᠡᠷᠬᠢᠨ ᠰᠠᠶᠢᠲᠤᠷ ᠬᠢᠬᠦ ᠦᠢᠯᠡᠳᠦᠯᠭᠡ ᠶᠢᠨ ᠠᠷᠭ᠎ᠠ ᠵᠠᠮ ᠵᠡᠷᠭᠡ ᠠᠭᠤᠯᠭ᠎ᠠ ᠳᠤ ᠪᠦᠬᠦ ᠲᠠᠯ᠎ᠠ ᠶᠢᠨ ᠪᠥᠭᠡᠳ ᠭᠦᠨᠵᠡᠭᠡᠢ ᠲᠠᠶᠢᠯᠤᠮᠵᠢ ᠬᠢᠪᠡ  ᠃      ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠠᠳ᠂ ᠦᠨᠳᠦᠰᠦᠨ ᠱᠠᠲᠤᠨ ᠤ ᠠᠵᠢᠯᠳᠠᠨ ᠪᠣᠯᠤᠭᠰᠠᠨ ᠤ ᠬᠤᠪᠢ ᠳ᠋ᠤ᠋‌ᠤᠯᠤᠰ ᠲᠦᠷᠦ ᠶᠢᠨ ᠵᠣᠭᠰᠣᠴᠠ  ᠪᠠᠨ ᠴᠠᠭ ᠢᠮᠠᠭᠲᠠ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠤᠬᠠᠮᠰᠠᠷ ᠠᠴᠠ  ᠪᠠᠨ ᠨᠢᠭᠡᠳᠬᠡᠵᠦ᠂ ᠠᠵᠢᠯ ᠤᠨ ᠴᠢᠯᠥᠭᠡ ᠴᠠᠭ ᠢᠶᠠᠨ ᠭᠦᠢᠴᠡᠳ ᠠᠰᠢᠭᠯᠠᠵᠤ᠂ ᠥᠪᠡᠷ ᠢᠶᠠᠨ ᠰᠤᠷᠤᠯᠴᠠᠬᠤ ᠶᠢ ᠴᠢᠩᠭᠠᠳᠬᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ  ᠤᠨ ᠵᠣᠷᠢᠭ ᠰᠠᠨᠠᠭ᠎ᠠ ᠶᠢ ᠲᠠᠷᠢᠬᠢ ᠲᠣᠯᠣᠭᠠᠢ ᠳᠠᠭᠠᠨ ᠬᠠᠳᠠᠩᠰᠢᠭᠤᠯᠵᠤ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠤᠨ᠎ᠠ᠃ ᠰᠤᠮᠤ ᠶᠢᠨ ᠭᠤᠣᠯ ᠠᠵᠢᠯ ᠤᠨ ᠬᠠᠷᠢᠭᠤᠴᠠᠯᠭ᠎ᠠ ᠲᠠᠢ ᠨᠢᠭᠲᠠ ᠤᠶᠠᠯᠳᠤᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ ᠴᠢᠷᠮᠠᠶᠢᠨ ᠳᠡᠭᠡᠭᠰᠢᠯᠡᠭᠦᠯᠵᠦ᠂ ᠪᠦᠬᠦ ᠰᠤᠮᠤ ᠶᠢᠨ ᠠᠵᠢᠯ ᠤᠨ ᠳᠠᠬᠢᠨ ᠰᠢᠨ᠎ᠡ ᠳᠡᠭᠲᠡᠷ  ᠲᠤ ᠭᠠᠷᠬᠤ ᠶᠢ ᠠᠬᠢᠭᠤᠯᠤᠨ᠎ᠠ ᠭᠡᠵᠡᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号