ᠮᠠᠨ ᠤ ᠣᠷᠣᠨ ᠬᠠᠭᠤᠴᠢᠨ ᠰᠠᠭᠤᠭᠠᠯᠢ ᠲᠣᠭᠤᠷᠢᠭ ᠤᠨ ᠢᠵᠢ ᠲᠦᠬᠦᠷ ᠪᠡᠯᠡᠳᠬᠡᠮᠵᠢ ᠶᠢᠨ ᠳᠤᠲᠠᠭᠤᠳᠠᠯ ᠢ | ᠲᠦᠷᠭᠡᠳᠬᠡᠨ ᠨᠦᠬᠦᠪᠦᠷᠢᠯᠡᠵᠦ ᠪᠤᠢ᠃ ᠨᠢᠭᠡ ᠳᠤ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠤᠲᠠ | ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ︽ᠨᠠᠰᠤᠲᠠᠶᠢᠴᠤᠳ ᠪᠠ ᠨᠢᠯᠬᠠᠰ︾᠂ ᠪᠡᠶ᠎ᠡ ᠶᠢᠨ ᠲᠠᠮᠢᠷ ᠤᠨ | ᠪᠡᠶ᠎ᠡ ᠴᠢᠭᠢᠷᠠᠭᠵᠢᠭᠤᠯᠬᠤ ᠲᠠᠯᠠᠪᠤᠷ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠠᠭᠠᠳ ᠦᠭᠡᠶᠢᠵᠢᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ | ᠪᠠ ᠥᠭᠡᠷᠡᠴᠢᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ᠨᠡᠶᠢᠭᠡᠮ ᠲᠣᠭᠤᠷᠢᠭ ᠤᠨ 15 | ᠮᠢᠨᠦ᠋ᠲ ᠤᠨ ᠵᠠᠶᠢᠲᠠᠢ ᠠᠮᠢᠳᠤᠷᠠᠯ ᠤᠨ ᠲᠣᠭᠤᠷᠢᠭ ᠢ ᠪᠣᠶ ᠪᠣᠯᠭᠠᠪᠠ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ | 2.97 ᠲᠦᠮᠡᠨ ᠺᠦᠸᠠᠳ᠋ ᠮᠧᠲᠷ ᠤᠨ ᠰᠣᠶᠣᠯ ᠰᠡᠯᠡᠭᠦᠴᠡᠯ᠂ ᠣᠯᠠᠨ ᠨᠡᠶᠢᠲᠡ ᠶᠢᠨ ᠵᠦᠯᠭᠡ ᠭᠠᠵᠠᠷ ᠵᠡᠷᠭᠡ | ᠰᠢᠨ᠎ᠡ ᠪᠠᠷ ᠨᠡᠮᠡᠭᠳᠡᠪᠡ᠃ ᠬᠤᠶᠠᠷ ᠲᠤ ᠬᠠᠭᠤᠴᠢᠨ ᠰᠠᠭᠤᠭᠠᠯᠢ ᠲᠣᠭᠤᠷᠢᠭ ᠤᠨ ᠴᠠᠬᠢᠯᠭᠠᠨ ᠬᠦᠴᠦᠨ ᠤ | ᠪᠠᠭᠲᠠᠭᠠᠮᠵᠢ ᠶᠢ ᠨᠡᠮᠡᠭᠳᠡᠭᠦᠯᠦᠨ ᠥᠭᠡᠷᠡᠴᠢᠯᠡᠨ ᠵᠠᠰᠠᠬᠤ ᠶᠢ ᠵᠡᠷᠭᠡ ᠪᠠᠷ ᠡᠬᠢᠯᠡᠭᠦᠯᠵᠦ᠂ ᠰᠠᠭᠤᠭᠠᠯᠢ ᠲᠣᠭᠤᠷᠢᠭ ᠤᠨ | ᠣᠲᠣ ᠶᠢᠨ ᠪᠠᠶᠢᠭ᠎ᠠ ᠲᠡᠷᠭᠡ ᠵᠣᠭᠰᠣᠭᠠᠬᠤ ᠪᠠᠶᠢᠷᠢ ᠶᠢ ᠴᠠᠬᠢᠯᠭᠠᠨᠵᠢᠭᠤᠯᠤᠨ ᠥᠭᠡᠷᠡᠴᠢᠯᠡᠨ ᠵᠠᠰᠠᠬᠤ ᠶᠢ ᠢᠳᠡᠪᠬᠢᠲᠡᠢ | ᠲᠦᠯᠬᠢᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠲᠡᠷᠭᠡ ᠵᠣᠭᠰᠣᠭᠠᠬᠤ ᠪᠠᠶᠢᠷᠢ ᠶᠢ | ᠨᠡᠮᠡᠵᠦ ᠲᠣᠬᠢᠷᠠᠭᠤᠯᠬᠤ ᠶᠢᠨ ᠬᠠᠮᠲᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢ ᠪᠠᠷᠢᠮᠵᠢᠶ᠎ᠠ ᠶᠣᠰᠣᠭᠠᠷ ᠪᠦᠲᠦᠭᠡᠨ | ᠪᠠᠶᠢᠭᠤᠯᠬᠤ ᠪᠤᠶᠤ ᠤᠭᠰᠠᠷᠠᠬᠤ ᠨᠥᠬᠦᠴᠡᠯ ᠢ ᠪᠡᠯᠡᠨ ᠪᠣᠯᠭᠠᠪᠠ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ | ᠪᠥᠬᠦ ᠣᠷᠣᠨ ᠳᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠵᠢᠴᠢ ᠮᠠᠰᠢᠨᠲᠤ ᠪᠤᠰᠤ ᠲᠡᠷᠭᠡᠨ ᠤ ᠴᠠᠬᠢᠯᠭᠠᠨ | ᠴᠡᠨᠡᠭᠯᠡᠬᠦ ᠱᠣᠩ ᠢ ᠨᠡᠶᠢᠲᠡ 714 ᠨᠡᠮᠡᠵᠦ ᠤᠭᠰᠠᠷᠠᠭᠰᠠᠨ ᠪᠠᠶᠢᠨ᠎ᠠ᠃ ᠭᠤᠷᠪᠠ ᠳᠤ ᠨᠢᠭᠡᠨᠲᠡ ᠪᠠᠶᠢᠭ᠎ᠠ | ᠪᠠᠷᠢᠯᠭ᠎ᠠ ᠶᠢᠨ ᠡᠨᠧᠷᠭᠢ ᠠᠷᠪᠢᠯᠠᠨ ᠥᠭᠡᠷᠡᠴᠢᠯᠡᠨ ᠵᠠᠰᠠᠬᠤ ᠶᠢ ᠵᠡᠷᠭᠡ ᠪᠠᠷ ᠬᠡᠷᠡᠭᠵᠢᠭᠦᠯᠦᠨ᠂ ᠬᠤᠳᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ | ᠲᠦᠯᠬᠢᠨ ᠠᠬᠢᠭᠤᠯᠪᠠ᠃ 2024 ᠣᠨ ᠳᠤ ᠪᠠᠷᠢᠯᠭ᠎ᠠ ᠶᠢᠨ ᠡᠨᠧᠷᠭᠢ ᠠᠷᠪᠢᠯᠠᠨ ᠥᠭᠡᠷᠡᠴᠢᠯᠡᠨ ᠵᠠᠰᠠᠬᠤ ᠲᠠᠯᠠᠪᠠᠶ ᠶᠢ | 200 ᠲᠦᠮᠡᠨ ᠺᠦᠸᠠᠳ᠋ ᠮᠧᠲᠷ ᠠᠴᠠ ᠳᠡᠭᠡᠭᠰᠢ ᠬᠡᠷᠡᠭᠵᠢᠭᠦᠯᠬᠦ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ | 104.4 ᠲᠦᠮᠡᠨ ᠺᠦᠸᠠᠳ᠋ ᠮᠧᠲᠷ ᠤᠨ ᠪᠠᠷᠢᠯᠭ᠎ᠠ ᠶᠢᠨ ᠠᠵᠢᠯ ᠢ ᠳᠠᠭᠤᠰᠬᠠᠪᠠ᠃ ︵ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ | | |