ᠮᠠᠨ ᠤ ᠣᠷᠣᠨ ᠡᠨᠧᠷᠭᠢ᠂ ᠤᠰᠤᠨ ᠠᠰᠢᠭᠯᠠᠯᠲᠠ᠂ ᠵᠠᠮ ᠲᠡᠭᠡᠭᠡᠪᠦᠷᠢ ᠵᠡᠷᠭᠡ 3 ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠬᠦᠷᠢᠶᠡᠨ ᠳᠠᠬᠢ ︽ᠨᠢᠭᠡ ᠯᠠ ᠶᠠᠪᠤᠳᠠᠯ︾ ᠢ ᠪᠥᠬᠦ ᠤᠯᠤᠰ ᠲᠤ ᠬᠠᠮᠤᠭ ᠤᠨ ᠲᠡᠷᠢᠭᠦᠨ ᠳᠤ | ᠰᠦᠯᠵᠢᠶ᠎ᠡ ᠪᠠᠷ ᠲᠤᠷᠰᠢᠨ ᠠᠵᠢᠯᠯᠠᠭᠤᠯᠪᠠ᠃ ᠡᠨᠧᠷᠭᠢ ᠶᠢᠨ ᠲᠠᠯ᠎ᠠ ᠪᠠᠷ᠂ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠤᠷᠢᠳᠠᠴᠢ ᠬᠢᠨᠠᠨ ᠵᠥᠪᠰᠢᠶᠡᠷᠡᠭᠦᠯᠬᠦ ᠳᠤ ᠬᠤᠯᠪᠣᠭᠳᠠᠭᠰᠠᠨ 6 ᠰᠠᠯᠠᠭ᠎ᠠ ᠮᠥᠴᠢᠷ ᠤᠨ 19 ᠵᠦᠢᠯᠡᠰ ᠢ | ︽ᠨᠢᠭᠡ ᠯᠠ ᠶᠠᠪᠤᠳᠠᠯ︾ ᠪᠣᠯᠭᠠᠨ ᠨᠡᠶᠢᠳᠬᠡᠵᠦ᠂ ᠭᠦᠢᠴᠡᠳᠭᠡᠬᠦ ᠴᠠᠭ ᠢ 193 ᠠᠵᠢᠯᠯᠠᠬᠤ ᠡᠳᠦᠷ ᠠᠴᠠ | 35 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠲᠤᠰᠢᠶᠠᠬᠤ ᠮᠠᠲ᠋ᠧᠷᠢᠶᠠᠯ ᠢ 66 ᠬᠤᠪᠢ ᠪᠠᠶᠢᠭᠰᠠᠨ ᠠᠴᠠ 45 | ᠬᠤᠪᠢ ᠪᠣᠯᠭᠠᠨ ᠴᠥᠬᠡᠳᠬᠡᠵᠦ᠂ ᠭᠦᠢᠴᠡᠳᠭᠡᠬᠦ ᠭᠤᠭᠴᠤᠭ᠎ᠠ ᠶᠢ 19 ᠪᠠᠶᠢᠭᠰᠠᠨ ᠠᠴᠠ 2 ᠪᠣᠯᠭᠠᠨ ᠪᠠᠭᠠᠰᠬᠠᠪᠠ᠃ | ᠤᠰᠤᠨ ᠠᠰᠢᠭᠯᠠᠯᠲᠠ ᠶᠢᠨ ᠲᠠᠯ᠎ᠠ ᠪᠠᠷ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠰᠢᠯᠭᠠᠨ ᠠᠪᠬᠤ᠂ ᠳᠠᠩᠰᠠ ᠡᠪᠬᠡᠮᠡᠯ ᠢ ᠰᠢᠯᠭᠠᠨ ᠠᠪᠬᠤ ᠵᠡᠷᠭᠡ 3 ᠵᠦᠢᠯᠡᠰ ᠢ ᠨᠡᠶᠢᠳᠬᠡᠵᠦ᠂ | ᠰᠢᠯᠭᠠᠨ ᠠᠪᠬᠤ ᠴᠠᠭ ᠢ 81 ᠠᠵᠢᠯᠯᠠᠬᠤ ᠡᠳᠦᠷ ᠠᠴᠠ 60 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ | ᠲᠤᠰᠢᠶᠠᠬᠤ ᠮᠠᠲ᠋ᠧᠷᠢᠶᠠᠯ ᠢ 12 ᠬᠤᠪᠢ ᠪᠠᠶᠢᠭᠰᠠᠨ ᠠᠴᠠ 9 ᠬᠤᠪᠢ ᠪᠣᠯᠭᠠᠨ ᠴᠥᠬᠡᠳᠬᠡᠵᠦ᠂ ᠭᠦᠢᠴᠡᠳᠭᠡᠬᠦ | ᠭᠤᠭᠴᠤᠭ᠎ᠠ ᠶᠢ 3 ᠪᠠᠶᠢᠭᠰᠠᠨ ᠠᠴᠠ 1 ᠪᠣᠯᠭᠠᠨ ᠪᠠᠭᠠᠰᠬᠠᠪᠠ᠃ ᠵᠠᠮ ᠲᠡᠭᠡᠭᠡᠪᠦᠷᠢ ᠶᠢᠨ ᠲᠠᠯ᠎ᠠ ᠪᠠᠷ᠂ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠵᠥᠪᠰᠢᠶᠡᠷᠡᠯ᠂ | ᠠᠭᠤᠷᠬᠠᠢ ᠶᠢᠨ ᠪᠤᠯᠠᠭᠳᠠᠴᠠ ᠶᠢᠨ ᠬᠠᠶᠢᠨ ᠪᠠᠶᠢᠴᠠᠭᠠᠯᠲᠠ ᠵᠡᠷᠭᠡ 18 ᠬᠢᠨᠠᠨ ᠵᠥᠪᠰᠢᠶᠡᠷᠡᠬᠦ ᠵᠦᠢᠯᠡᠰ ᠢ ︽ᠨᠢᠭᠡ ᠯᠠ | ᠶᠠᠪᠤᠳᠠᠯ︾ ᠪᠣᠯᠭᠠᠨ ᠨᠡᠶᠢᠳᠬᠡᠵᠦ᠂ ᠭᠦᠢᠴᠡᠳᠭᠡᠬᠦ ᠬᠤᠭᠤᠴᠠᠭ᠎ᠠ ᠶᠢ 169 ᠠᠵᠢᠯᠯᠠᠬᠤ ᠡᠳᠦᠷ ᠪᠠᠶᠢᠭᠰᠠᠨ ᠠᠴᠠ | 38 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠲᠤᠰᠢᠶᠠᠬᠤ ᠮᠠᠲ᠋ᠧᠷᠢᠶᠠᠯ ᠢ 84 ᠬᠤᠪᠢ ᠪᠠᠶᠢᠭᠰᠠᠨ ᠠᠴᠠ 67 | ᠬᠤᠪᠢ ᠪᠣᠯᠭᠠᠨ ᠴᠥᠬᠡᠳᠬᠡᠵᠦ᠂ ᠭᠦᠢᠴᠡᠳᠭᠡᠬᠦ ᠭᠤᠭᠴᠤᠭ᠎ᠠ ᠶᠢ 18 ᠪᠠᠶᠢᠭᠰᠠᠨ ᠠᠴᠠ 2 ᠪᠣᠯᠭᠠᠨ ᠪᠠᠭᠠᠰᠬᠠᠪᠠ᠃ | ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ | |