ᠬᠤᠰᠢᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠳᠣᠯᠣᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/2
      8 ᠰᠠᠷ᠎ᠠ ᠶᠢᠨ 16 ᠤ ᠡᠳᠦᠷ᠂  ᠬᠤᠰᠢᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠳᠣᠯᠣᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠡᠯ᠎ᠡ ᠵᠥᠪᠯᠡᠬᠦ ᠵᠦᠢᠯ ᠢᠶᠠᠨ ᠠᠮᠵᠢᠯᠲᠠ ᠲᠠᠢ ᠳᠠᠭᠤᠰᠬᠠᠭᠠᠳ ᠲᠡᠭᠦᠰ ᠠᠮᠵᠢᠯᠲᠠ ᠲᠠᠢ ᠥᠨᠳᠥᠷᠯᠡᠵᠦ᠂ ᠮᠠᠨ ᠤ ᠬᠤᠰᠢᠭᠤᠨ ᠤ ᠡᠯ᠎ᠡ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠲᠥᠯᠥᠭᠡᠯᠡᠭᠴᠢᠳ ᠪᠠ ᠰᠤᠯᠠ ᠣᠷᠣᠯᠴᠠᠭᠰᠠᠨ ᠲᠥᠯᠥᠭᠡᠯᠡᠭᠴᠢᠳ ᠨᠢᠭᠡ ᠲᠠᠩᠬᠢᠮ ᠳᠤ ᠴᠤᠭᠯᠠᠷᠠᠵᠤ᠂ ᠳᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠵᠢᠯ ᠦᠶᠯᠡᠰ ᠤᠨ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠰᠦᠪᠡᠭᠴᠢᠯᠡᠪᠡ  ᠃      ᠰᠢᠯᠢ ᠶᠢᠨ ᠭᠤᠤᠯ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠰᠠᠷᠠᠨ᠎ᠠ᠂ ᠬᠤᠰᠢᠭᠤ ᠨᠠᠮ ᠤᠨ ᠬᠤᠷᠢᠶᠠᠨ  ᠤ ᠳᠡᠳ᠋ ᠱᠦᠵᠢ ᠠᠯᠮᠠᠰ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠤᠤ ᠸᠠᠨ ᠬᠤᠸᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠴᠢ ᠵᠢᠶᠦ᠋ᠨ ᠵᠢᠭᠠᠨ ᠵᠢᠯᠣᠭᠤᠳᠪᠠ  ᠃      ᠬᠤᠷᠠᠯ ᠠᠴᠠ ᠵᠡᠭᠦᠨ ᠦᠵᠦᠮᠦᠴᠢᠨ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠵᠢᠷᠭᠤᠳᠤᠭᠠᠷ ᠬᠤᠭᠤᠴᠠᠭᠠᠨ ᠤ ᠵᠥᠪᠯᠡᠯ ᠤᠨ《 ᠬᠠᠷᠢᠭᠤᠴᠠᠯᠭ᠎ᠠ ᠡᠭᠦᠷᠭᠡᠯᠡᠯ ᠢᠶᠠᠨ          ᠴᠢᠩᠭᠠᠳᠬᠠᠵᠤ᠂ ᠰᠢᠨ᠎ᠡ ᠶᠢ ᠡᠭᠦᠳᠬᠦ ᠬᠥᠭᠵᠢᠯᠲᠡ ᠳᠤ ᠦᠢᠯᠡᠴᠢᠯᠡᠵᠦ  ᠂ ᠪᠦᠬᠦ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠪᠦᠯᠬᠦᠮᠳᠡᠭᠦᠯᠦᠨ ᠳᠠᠭᠠᠭᠤᠯᠵᠤ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠶ᠎ᠡ 》 ᠭᠡᠬᠦ ᠭᠤᠣᠯ ᠰᠡᠳᠦᠪᠲᠦ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃ ᠶᠡᠭᠡ ᠬᠤᠷᠠᠯ ᠠᠴᠠ  ᠪᠠᠰᠠ ᠵᠡᠭᠦᠨ ᠦᠵᠦᠮᠦᠴᠢᠨ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠥᠩᠭᠡᠷᠡᠭᠰᠡᠨ ᠲᠠᠪᠤᠨ ᠵᠢᠯ ᠤᠨ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠡᠷᠭᠢᠴᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠦᠢᠯᠡᠰ ᠤᠨ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠶᠢ ᠳ᠋ᠦᠩᠨᠡᠭᠰᠡᠨ ᠪᠥᠭᠡᠳ ᠡᠭᠦᠨ ᠤ ᠰᠠᠭᠤᠷᠢᠨ ᠳᠡᠭᠡᠷ᠎ᠡ ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠶᠢᠨ ᠰᠡᠳᠬᠢᠴᠡ ᠪᠠ ᠴᠢᠷᠮᠠᠶᠢᠬᠤ ᠴᠢᠭᠯᠡᠯ ᠢ ᠲᠥᠯᠥᠪᠵᠢᠭᠦᠯᠦᠨ ᠲᠤᠭᠲᠠᠭᠠᠵᠠᠢ᠃ ᠬᠤᠷᠠᠯ ᠠᠴᠠ ᠵᠡᠭᠦᠨ ᠦᠵᠦᠮᠦᠴᠢᠨ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠳᠣᠯᠣᠳᠤᠭᠠᠷ ᠬᠤᠭᠤᠴᠠᠭᠠᠨ ᠤ ᠬᠤᠷᠢᠶᠠᠨ ᠤ ᠤᠳᠤᠷᠢᠳᠬᠤ ᠪᠠᠭ ᠢ ᠰᠣᠩᠭᠤᠨ ᠭᠠᠷᠭᠠᠪᠠ  ᠃      ᠬᠤᠷᠠᠯ ᠠᠴᠠ ᠵᠡᠭᠦᠨ ᠦᠵᠦᠮᠦᠴᠢᠨ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠠᠴᠠ ᠨᠠᠭᠠᠰᠢᠬᠢ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠰᠢᠰᠲ᠋ᠧᠮ ᠤᠨ ᠥᠭᠡᠷᠡᠴᠢᠯᠡᠯᠲᠡ  ᠶᠢ ᠭᠦᠨᠵᠡᠭᠡᠶᠢᠷᠡᠭᠦᠯᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠠᠷᠠᠳ ᠲᠤ ᠠᠰᠢᠭ ᠬᠦᠷᠲᠡᠭᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠶᠢ ᠨᠤᠲᠠᠯᠠᠵᠤ᠂ ᠢᠷᠡᠬᠦ ᠲᠠᠪᠤᠨ ᠵᠢᠯ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ ᠤᠯᠤᠰ ᠲᠥᠷᠥ ᠶᠢᠨ ᠵᠢᠯᠣᠭᠤᠳᠣᠯᠭ᠎ᠠ ᠶᠢ ᠴᠢᠩᠭᠠᠳᠬᠠᠬᠤ᠂ ᠪᠥᠬᠦ ᠬᠤᠰᠢᠭᠤᠨ ᠤ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠨᠡᠶᠢᠭᠡᠮᠯᠢᠭ ᠤᠨ ᠪᠠᠶᠢᠭᠤᠯᠤᠯᠲᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠲᠣᠰ ᠪᠡᠶ᠎ᠡ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠵᠡᠷᠭᠡ ᠲᠠᠯ᠎ᠠ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ  ᠃      ᠲᠠᠷᠠᠭᠠᠴᠢ ᠶᠢᠨ ᠠᠯᠬᠤᠮ ᠳᠤ᠂ ᠬᠤᠰᠢᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ  ᠬᠢᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠬᠥᠭᠦᠷᠭᠡ ᠬᠤᠯᠪᠣᠭᠠᠰᠤ ᠶᠢᠨ ᠦᠶᠯᠡᠳᠦᠯ ᠢ ᠪᠦᠲᠦᠮᠵᠢᠲᠡᠶ ᠪᠠᠳᠠᠷᠠᠭᠤᠯᠵᠤ᠂ ᠪᠥᠬᠦ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠪᠦᠯᠬᠦᠮᠳᠡᠭᠦᠯᠦᠨ ᠳᠠᠭᠠᠭᠤᠯᠵᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠬᠤᠰᠢᠭᠤᠴᠢ ᠴᠡᠷᠢᠭ ᠪᠣᠯᠭᠠᠵᠤ᠂ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠪᠠᠷ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠦᠷᠭᠡᠳᠬᠡᠨ ᠪᠢᠴᠢᠭᠯᠡᠵᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠬᠦᠴᠦᠨ ᠴᠢᠳᠠᠯ ᠢᠶᠠᠨ ᠡᠷᠭᠦᠭᠦ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号