ᠰᠢᠯᠢ ᠶᠢᠨ ᠭᠤᠤᠯ ᠤᠨ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ  ᠤᠨ ᠦᠨ᠎ᠡ ᠥᠰᠬᠡᠬᠦ ᠦᠶᠯᠡᠳᠦᠯ ᠨᠢ ᠮᠠᠯᠴᠢᠳ ᠲᠤ ᠦᠨᠡᠨ ᠪᠣᠳᠠᠲᠠᠶ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2024/9/2
      8 ᠰᠠᠷ᠎ᠠ ᠶᠢᠨ 16 ᠤ ᠥᠷᠯᠥᠭᠡ ᠡᠷᠲᠡ᠂ ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤᠨ ᠤ ᠬᠤᠩᠭᠤᠷ ᠭᠠᠴᠠᠭᠠᠨ ᠤ ᠮᠠᠯᠴᠢᠨ ᠲᠣᠳᠣ ᠬᠤᠷᠠᠭ᠎ᠠ ᠪᠠᠨ ᠵᠡᠭᠦᠨ ᠦᠵᠦᠮᠦᠴᠢᠨ ᠬᠤᠰᠢᠭᠤᠨ ᠤ ᠴᠢᠨ ᠮᠦ ᠢᠳᠡᠭᠡᠨ  ᠤ ᠬᠢᠵᠠᠭᠠᠷᠲᠤ ᠺᠣᠮᠫᠠᠨᠢ ᠳᠤ ᠲᠡᠭᠡᠭᠡᠵᠦ ᠠᠪᠴᠢᠷᠠᠭᠰᠠᠨ ᠪᠠᠶᠢᠨ᠎ᠠ᠃ ᠡᠨᠡ ᠨᠢ ᠮᠥᠨ ᠴᠦ ᠡᠨᠡ ᠵᠢᠯ ᠤᠨ ᠲᠤᠰ ᠺᠣᠮᠫᠠᠨᠢ ᠶᠢᠨ ᠠᠵᠢᠯ ᠡᠬᠢᠯᠡᠭᠰᠡᠨ ᠠᠩᠬᠠᠨ ᠤ ᠡᠳᠦᠷ ᠤᠨ ᠠᠩᠬᠠᠨ ᠤ ᠪᠦᠯᠦᠭ《 ᠵᠠᠬᠢᠶᠠᠯᠠᠭ᠎ᠠ ᠶᠢᠨ ᠬᠤᠷᠠᠭ᠎ᠠ 》 ᠪᠣᠯᠤᠨ᠎ᠠ  ᠃      《 ᠵᠠᠬᠢᠶᠠᠯᠠᠭ᠎ᠠ ᠶᠢᠨ  ᠬᠤᠷᠠᠭ᠎ᠠ 》 ᠭᠡᠳᠡᠭ ᠨᠢ ᠳᠠᠷᠤᠶ ᠰᠢᠯᠢ ᠶᠢᠨ ᠭᠤᠤᠯ ᠤᠨ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠭᠰᠠᠨ ᠠᠵᠤ ᠠᠬᠤᠶᠢᠯᠠᠯ  ᠨᠢ ᠮᠠᠯᠴᠢᠳ ᠲᠠᠢ ᠤᠷᠢᠳᠴᠢᠯᠠᠨ ᠬᠡᠯᠡᠯᠴᠡᠭᠡᠷ ᠲᠣᠭᠲᠠᠵᠤ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠡᠵᠢᠭᠡᠨ ᠦᠷᠡᠵᠢᠭᠦᠯᠬᠦ᠂ ᠪᠣᠷᠣᠯᠠᠭᠤᠯᠬᠤ᠂ ᠦᠶᠯᠡᠳᠪᠦᠷᠢᠯᠡᠬᠦ ᠡᠯ᠎ᠡ ᠭᠤᠭᠴᠤᠭ᠎ᠠ ᠳᠠᠬᠢ ᠴᠢᠩᠭ᠎ᠠ ᠬᠢᠨᠠᠯᠲᠠ ᠬᠠᠮᠢᠶᠠᠷᠤᠯᠲᠠ ᠪᠠᠷ ᠳᠡᠮᠵᠢᠨ᠂ ᠬᠤᠨᠢ ᠨᠢᠭᠡᠪᠦᠷᠢ ᠶᠢ ᠬᠤᠷᠠᠭᠠᠯᠠᠭᠰᠠᠨ ᠠᠴᠠ ᠨᠢ ᠠᠪᠤᠭᠠᠳ ᠲᠡᠵᠢᠭᠡᠨ ᠦᠷᠡᠵᠢᠭᠦᠯᠬᠦ ᠬᠦᠷᠲᠡᠯ᠎ᠡ᠂ ᠳᠠᠬᠢᠭᠠᠳ ᠬᠠᠮᠤᠭ ᠰᠡᠭᠦᠯ ᠳᠤ ᠨᠢ ᠠᠯᠠᠵᠤ ᠨᠢᠲᠤᠯᠬᠤ ᠶᠠᠪᠤᠴᠠ ᠶᠢ ᠴᠥᠮ ᠡᠯᠧᠺᠲᠷᠣᠨ ᠴᠢᠬᠢᠨ ᠲᠡᠮᠳᠡᠭ ᠲᠤ ᠲᠡᠮᠳᠡᠭᠯᠡᠵᠦ᠂ ᠪᠥᠬᠦ ᠶᠠᠪᠤᠴᠠ ᠶᠢᠨ ᠦᠨᠡᠨ ᠬᠦ ᠣᠭ ᠦᠨᠳᠦᠰᠦ ᠶᠢ ᠨᠢ ᠮᠡᠳᠡᠬᠦ ᠶᠢ ᠵᠢᠭᠠᠵᠦ ᠪᠠᠶᠢᠨ᠎ᠠ᠃ ᠵᠠᠬ᠎ᠠ ᠳᠡᠯᠭᠡᠭᠦᠷ ᠳᠡᠭᠡᠷ᠎ᠡ᠂ ᠬᠡᠷᠡᠭᠯᠡᠭᠴᠢᠳ ᠠᠴᠠ ᠪᠦᠲᠦᠭᠡᠭᠳᠡᠬᠦᠨ ᠤ ᠪᠣᠭᠤᠳᠠᠯ ᠪᠠᠭᠯᠠᠭ᠎ᠠ ᠳᠡᠭᠡᠷᠡᠬᠢ ᠬᠤᠶᠠᠷ ᠬᠡᠮᠵᠢᠯᠳᠦ ᠺᠣᠳ᠋ ᠢ ᠰᠢᠷᠪᠢᠬᠦ ᠪᠠᠷ ᠳᠡᠮᠵᠢᠨ᠂ ᠲᠣᠰ ᠪᠦᠲᠦᠭᠡᠭᠳᠡᠬᠦᠨ ᠤ ᠢᠷᠡᠯᠲᠡ ᠶᠢᠨ ᠭᠠᠷᠤᠯᠲᠠ ᠶᠢᠨ ᠣᠷᠣᠨ᠂ ᠲᠡᠵᠢᠭᠡᠨ ᠦᠷᠡᠵᠢᠭᠦᠯᠵᠦ ᠪᠠᠶᠢᠭ᠎ᠠ ᠪᠠᠶᠢᠳᠠᠯ᠂ ᠶᠠᠰᠤ ᠴᠢᠨᠠᠷ ᠤᠨ ᠪᠠᠶᠢᠴᠠᠭᠠᠯᠲᠠ ᠶᠢᠨ ᠪᠠᠶᠢᠳᠠᠯ ᠵᠡᠷᠭᠡ ᠮᠡᠳᠡᠭᠡ ᠵᠠᠩᠭᠢ ᠶᠢ ᠮᠥᠷᠳᠡᠵᠦ ᠪᠣᠯᠤᠨ᠎ᠠ  ᠃      ᠵᠡᠭᠦᠨ ᠦᠵᠦᠮᠦᠴᠢᠨ ᠬᠤᠰᠢᠭᠤᠨ ᠤ ᠴᠢᠨ ᠮᠥ ᠢᠳᠡᠭᠡᠨ ᠤ ᠬᠢᠵᠠᠭᠠᠷᠲᠤ ᠺᠣᠮᠫᠠᠨᠢ ᠡᠨᠡ ᠵᠢᠯ ᠤᠨ 5 ᠰᠠᠷ᠎ᠠ  ᠳᠤ ᠰᠢᠯᠢ ᠶᠢᠨ ᠭᠤᠤᠯ ᠤᠨ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠬᠡᠷᠡᠭᠯᠡᠬᠦ ᠡᠷᠬᠡ ᠣᠯᠵᠦ᠂ ᠰᠢᠯᠢ ᠶᠢᠨ ᠭᠤᠤᠯ ᠤᠨ ᠬᠤᠨᠢᠨ ᠤ ᠶᠠᠰᠤ ᠴᠢᠨᠠᠷ ᠪᠠ ᠢᠲᠡᠭᠡᠯ ᠬᠦᠨᠳᠦ ᠶᠢ ᠪᠠᠲᠤᠯᠠᠬᠤ  ᠶᠢᠨ ᠲᠥᠯᠥᠭᠡ᠂ ᠲᠣᠰ ᠠᠵᠤ ᠠᠬᠤᠶᠢᠯᠠᠯ ᠨᠢ ᠪᠥᠬᠦ ᠬᠤᠰᠢᠭᠤᠨ ᠤ 6 ᠰᠤᠮᠤ ᠪᠠᠯᠭᠠᠰᠤᠨ ᠤ 669 ᠮᠠᠯᠴᠢᠨ ᠡᠷᠦᠬᠡ ᠲᠠᠢ ᠬᠡᠯᠡᠯᠴᠡᠭᠡᠷ ᠲᠣᠭᠲᠠᠵᠤ᠂ 16 . 7141 ᠲᠦᠮᠡᠨ ᠬᠤᠨᠢᠨ ᠤ ᠢᠷᠡᠯᠲᠡ ᠶᠢ ᠤᠷᠢᠳᠴᠢᠯᠠᠨ ᠲᠣᠭᠲᠠᠭᠠᠵᠤ᠂ ᠲᠠᠰ ᠳᠠᠪᠬᠤᠷᠭ᠎ᠠ ᠪᠠᠷ ᠬᠢᠨᠠᠨ ᠬᠠᠮᠢᠶᠠᠷᠬᠤ ᠪᠠ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠪᠠᠷ ᠳᠡᠮᠵᠢᠨ ᠬᠤᠨᠢ ᠨᠢᠭᠡᠪᠦᠷᠢ ᠴᠥᠮ ᠡᠷᠯᠢᠰᠡᠵᠢᠭᠦᠯᠦᠭᠰᠡᠨ ᠥᠬᠡᠶ᠂ ᠪᠣᠷᠳᠣᠵᠤ ᠲᠠᠷᠭᠤᠯᠠᠭᠤᠯᠤᠭᠰᠠᠨ ᠥᠬᠡᠶ᠂ ᠡᠭᠦᠯᠳᠡᠷ  ᠨᠢ ᠴᠡᠪᠡᠷ᠂ ᠪᠠᠶᠢᠭᠠᠯᠢᠯᠢᠭ ᠠᠷᠠᠴᠢᠯᠠᠵᠤ ᠲᠡᠵᠢᠭᠡᠭᠰᠡᠨ ᠰᠢᠯᠢ ᠶᠢᠨ ᠭᠤᠤᠯ ᠤᠨ ᠬᠤᠨᠢ ᠪᠣᠯᠬᠤ ᠶᠢ ᠪᠠᠲᠤᠯᠠᠪᠠ  ᠃      ᠰᠢᠯᠢ ᠶᠢᠨ ᠭᠤᠤᠯ ᠤᠨ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠦᠨ᠎ᠡ ᠥᠰᠬᠡᠬᠦ ᠦᠶᠯᠡᠳᠦᠯ ᠤᠯᠠᠮ ᠨᠢᠭᠡ ᠠᠯᠬᠤᠮ ᠲᠣᠪᠣᠶᠢᠮ᠎ᠠ ᠢᠯᠡᠷᠡᠵᠦ᠂ ᠮᠠᠯᠴᠢᠳ ᠲᠤ ᠦᠨᠡᠨ ᠪᠣᠳᠠᠲᠠᠶ ᠠᠰᠢᠭ ᠬᠦᠷᠲᠡᠭᠡᠪᠡ᠃《 ᠮᠠᠨ ᠤ ᠬᠢᠨ ᠡᠨᠡ ᠵᠢᠯ 350 ᠬᠤᠨᠢᠨ ᠤ ᠵᠠᠬᠢᠶᠠᠯᠠᠭ᠎ᠠ ᠶᠢᠨ ᠬᠠᠭᠤᠳᠠᠰᠤ ᠲᠣᠭᠲᠠᠵᠤ᠂ ᠥᠨᠥᠳᠦᠷ 203 ᠬᠤᠨᠢ ᠲᠡᠭᠡᠭᠡᠵᠦ ᠠᠪᠴᠢᠷᠠᠵᠠᠶ᠂ ᠨᠢᠭᠡ ᠬᠤᠨᠢ ᠵᠠᠬ᠎ᠠ ᠳᠡᠯᠭᠡᠭᠦᠷ ᠤᠨ ᠦᠨ᠎ᠡ ᠠᠴᠠ 30 ᠭᠠᠷᠤᠶ ᠲᠥᠭᠦᠷᠢᠭ ᠢᠯᠡᠭᠦᠦ ᠬᠤᠳᠠᠯᠳᠤᠪᠠ᠂ ᠡᠨᠡ ᠨᠢ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠮᠠᠰᠢ ᠶᠡᠭᠡ ᠬᠠᠪᠰᠤᠷᠤᠯᠭ᠎ᠠ ᠪᠣᠯᠵᠠᠶ᠃ 》 ᠭᠡᠵᠦ ᠲᠤᠳᠣ ᠶᠠᠷᠢᠵᠤ ᠪᠠᠶᠢᠯ᠎ᠠ᠃      ᠦᠵᠦᠮᠦᠴᠢᠨ ᠬᠤᠨᠢ ᠨᠢ ᠰᠢᠯᠢ ᠶᠢᠨ ᠭᠤᠤᠯ ᠤᠨ  ᠬᠤᠨᠢᠨ ᠤ ᠲᠥᠯᠥᠭᠡᠯᠡᠭᠴᠢ ᠶᠢᠨ ᠨᠢᠭᠡ ᠪᠣᠯᠤᠭᠰᠠᠨ ᠤ ᠬᠤᠪᠢ ᠳᠤ᠂ ᠠᠮᠲᠠ᠂ ᠰᠢᠮ᠎ᠡ ᠲᠡᠵᠢᠭᠡᠯ ᠪᠠ ᠶᠠᠰᠤ ᠴᠢᠨᠠᠷ ᠵᠡᠷᠭᠡ ᠲᠠᠯ᠎ᠠ ᠪᠠᠷ ᠴᠥᠮ ᠮᠠᠰᠢ ᠴᠢᠩᠭ᠎ᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠲᠠᠢ ᠪᠠᠶᠢᠵᠤ᠂ ᠴᠢᠨᠠᠷ ᠰᠠᠶᠢᠲᠠᠶ + ᠨᠠᠷᠠᠲᠤ ᠲᠡᠮᠳᠡᠭ ᠨᠢ ᠰᠠᠶ᠋ᠢ ᠰᠠᠶᠢᠨ ᠦᠨ᠎ᠡ ᠶᠢ ᠪᠡᠶᠡᠯᠡᠭᠦᠯᠵᠦ ᠴᠢᠳᠠᠨ᠎ᠠ᠃ ᠰᠢᠯᠢ ᠶᠢᠨ ᠭᠤᠤᠯ ᠤᠨ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠡᠭᠦᠳᠬᠦ ᠪᠠ ᠲᠠᠰ ᠳᠡᠪᠰᠢᠭᠦᠯᠵᠦ᠂ ᠨᠠᠷᠠᠲᠤ ᠲᠡᠮᠳᠡᠭ ᠤᠨ ᠡᠷᠬᠡ ᠣᠯᠭᠤᠭᠰᠠᠨ ᠦᠶᠯᠡᠳᠪᠦᠷᠢᠯᠡᠯ ᠤᠨ ᠠᠵᠤ ᠠᠬᠤᠶᠢᠯᠠᠯ ᠨᠢ ᠵᠠᠬ᠎ᠠ ᠳᠡᠯᠭᠡᠭᠦᠷ ᠤᠨ ᠦᠨ᠎ᠡ ᠠᠴᠠ ᠺᠢᠯᠣᠭ᠍ᠷᠠᠮ ᠪᠦᠷᠢ ᠳᠡᠭᠡᠨ 1.5 — 2 ᠲᠥᠭᠦᠷᠢᠭ ᠤᠨ ᠦᠨᠳᠦᠷ ᠦᠨ᠎ᠡ ᠪᠠᠷ ᠰᠢᠯᠢ ᠶᠢᠨ ᠭᠤᠤᠯ ᠤᠨ ᠬᠤᠨᠢ ᠶᠢ ᠬᠤᠳᠠᠯᠳᠤᠨ ᠠᠪᠴᠤ ᠡᠳ᠋ᠰᠢᠭᠦᠯᠵᠦ᠂ ᠠᠯᠠᠰᠢᠨ ᠬᠤᠨᠢᠨ ᠤ ᠠᠵᠤ ᠦᠶᠯᠡᠰ ᠤᠨ ᠬᠡᠯᠬᠢᠶ᠎ᠡ ᠶᠢᠨ ᠡᠯ᠎ᠡ ᠲᠠᠯ᠎ᠠ ᠶᠢᠨ ᠬᠢᠨ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠮᠠᠨ ᠤ ᠬᠤᠰᠢᠭᠤᠨ ᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠮᠠᠯᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号