ᠮᠠᠨ ᠤ ᠬᠤᠰᠢᠭᠤᠨ ᠤ ᠰᠣᠷᠣᠭᠴᠢᠳ ᠳᠤᠮᠳᠠᠳᠤ ᠤᠯᠤᠰ ᠤᠨ ᠨᠡᠭᠦᠳᠡᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠤ ᠮᠠᠨ ᠤ ᠬᠤᠰᠢᠭᠤᠨ ᠳᠠᠬᠢ ᠦᠷᠳᠡᠭᠡ ᠶᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/9/23
      8 ᠰᠠᠷ᠎ᠠ ᠶᠢᠨ 30 ᠤ ᠡᠳᠦᠷ᠂ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠪᠣᠯᠤᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢᠳ ᠳᠤᠮᠳᠠᠳᠤ ᠤᠯᠤᠰ ᠤᠨ ᠨᠡᠭᠦᠳᠡᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠤ ᠮᠠᠨ ᠤ ᠬᠤᠰᠢᠭᠤᠨ ᠳᠠᠬᠢ ᠦᠷᠳᠡᠭᠡ ᠳᠤ ᠬᠦᠷᠴᠦ ᠲᠣᠭᠤᠷᠢᠨ ᠦᠵᠡᠪᠡ᠃      ᠨᠡᠭᠦᠳᠡᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠨᠢ ᠶᠠᠭ ᠨᠢᠭᠡᠨ ᠭᠠᠶᠢᠬᠠᠮᠰᠢᠭᠲᠤ ᠮᠡᠳᠡᠯᠭᠡ  ᠶᠢᠨ ᠡᠷᠳᠡᠨᠢᠰ ᠤᠨ ᠰᠠᠩ ᠰᠢᠭ ᠢᠶᠠᠷ ᠰᠤᠷᠤᠭᠴᠢᠳ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠢᠷᠲᠢᠨᠴᠦ  ᠳᠤ ᠨᠡᠪᠲᠡᠷᠡᠬᠦ ᠡᠭᠦᠳᠡ ᠶᠢ ᠨᠡᠭᠡᠭᠡᠵᠦ ᠥᠭᠭᠦᠭᠰᠡᠨ ᠪᠠᠶᠢᠨ᠎ᠠ᠃ ᠲᠤᠬᠠᠢ ᠶᠢᠨ ᠲᠠᠯᠠᠪᠠᠢ ᠳᠤ᠂ ᠰᠢᠨᠵᠢᠯᠡᠬᠦ ᠤᠬᠠᠭᠠᠨᠴᠢ ᠴᠢᠨᠠᠷ᠂ ᠰᠣᠨᠢᠷᠬᠠᠯᠲᠤ ᠴᠢᠨᠠᠷ᠂ ᠬᠠᠷᠢᠯᠴᠠᠨ ᠦᠶᠯᠡᠳᠦᠯᠴᠡᠬᠦ ᠴᠢᠨᠠᠷ ᠢ ᠨᠢᠭᠡ ᠴᠣᠭᠴᠠᠵᠢᠭᠤᠯᠤᠭᠰᠠᠨ ᠣᠯᠠᠨ ᠬᠡᠯᠪᠡᠷᠢ ᠶᠢᠨ ᠦᠵᠡᠭᠦᠯᠦᠯᠭᠡ ᠶᠢᠨ  ᠪᠤᠳᠠᠰ ᠳᠡᠯᠭᠡᠨ ᠦᠵᠡᠭᠦᠯᠵᠦ᠂ ᠲᠠᠭᠤ᠂ ᠬᠡᠷᠡᠯ᠂ ᠴᠠᠬᠢᠯᠭᠠᠨ᠂ ᠮᠡᠳᠡᠭᠡ ᠵᠠᠩᠭᠢ  ᠶᠢᠨ ᠮᠡᠷᠭᠡᠵᠢᠯ ᠵᠢᠴᠢ ᠪᠤᠰᠤᠳ ᠳᠡᠭᠡᠳᠦ ᠮᠡᠷᠭᠡᠵᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠬᠦ ᠪᠠᠷ ᠳᠡᠮᠵᠢᠨ᠂ ᠰᠤᠷᠤᠭᠴᠢᠳ ᠤᠨ ᠳᠣᠷ᠎ᠠ ᠰᠣᠨᠢᠷᠬᠠᠯ ᠢ ᠲᠠᠳᠠᠭᠰᠠᠨ ᠪᠠᠶᠢᠨ᠎ᠠ  ᠃      ᠲᠤᠬᠠᠢ ᠶᠢᠨ ᠲᠠᠯᠠᠪᠠᠢ ᠳᠤ᠂ ᠰᠤᠷᠤᠭᠴᠢᠳ ᠢᠳᠡᠪᠬᠢᠲᠠᠢ ᠪᠠᠷ ᠪᠡᠶᠡᠴᠢᠯᠡᠨ ᠦᠢᠯᠠᠭᠠᠵᠦ᠂ ᠡᠯ᠎ᠡ ᠵᠦᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠪᠡᠶ᠎ᠡ ᠪᠠᠷ ᠢᠶᠠᠨ ᠵᠢᠯᠣᠭᠤᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠷᠢᠳᠢ ᠰᠢᠳᠢ ᠶᠢ ᠮᠡᠳᠡᠷᠡᠪᠡ᠃ ᠵᠠᠷᠢᠮ ᠰᠤᠷᠤᠭᠴᠢ ᠪᠠᠰᠠ ᠬᠦᠴᠦᠨ ᠤ ᠤᠬᠠᠭᠠᠨ ᠤ ᠤᠭ ᠶᠣᠰᠣ ᠶᠢ ᠰᠦᠪᠡᠭᠴᠢᠯᠡᠬᠦ ᠦᠵᠡᠭᠦᠯᠦᠯᠭᠡ ᠶᠢᠨ ᠪᠤᠳᠠᠰ ᠤᠨ ᠡᠮᠦᠨ᠎ᠡ ᠳᠠᠬᠢᠨ ᠳᠠᠪᠲᠠᠨ         ᠲᠤᠷᠰᠢᠵᠤ᠂ ᠲᠡᠭᠦᠨ ᠤ ᠨᠢᠭᠤᠴᠠ ᠶᠢ ᠣᠢᠯᠠᠭᠠᠬᠤ ᠪᠠᠷ ᠴᠢᠷᠮᠠᠶᠢᠨ᠎ᠠ᠂ ᠵᠠᠷᠢᠮ ᠰᠤᠷᠤᠭᠴᠢ ᠴᠠᠬᠢᠯᠭᠠᠨ ᠰᠣᠷᠢᠨᠵᠢᠨ ᠨᠥᠯᠥᠭᠡᠯᠡᠯ ᠤᠨ ᠳᠡᠯᠭᠡᠨ ᠦᠵᠡᠭᠦᠯᠬᠦ ᠪᠣᠳᠠᠰ ᠤᠨ ᠬᠠᠵᠠᠭᠤ ᠳᠤ ᠵᠣᠭᠰᠣᠨ ᠠᠩᠬᠠᠷᠤᠯ ᠢᠶᠠᠨ ᠲᠥᠪᠯᠡᠷᠡᠭᠦᠯᠵᠦ᠂ ᠰᠣᠷᠢᠨᠵᠢᠨ ᠣᠷᠣᠨ ᠤ ᠬᠤᠪᠢᠷᠠᠯᠲᠠ ᠶᠢᠨ ᠭᠠᠶᠢᠬᠠᠮᠰᠢᠭᠲᠤ ᠵᠢᠮ᠎ᠡ ᠶᠣᠰᠣ ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠨ᠎ᠡ᠃      ᠲᠤᠰ ᠤᠳᠠᠭᠠᠨ ᠤ ᠲᠣᠭᠤᠷᠢᠨ ᠦᠵᠡᠬᠦ ᠠᠵᠢᠯᠯᠠᠭ᠎ᠠ ᠨᠢ ᠰᠤᠷᠤᠭᠴᠢᠳ ᠤᠨ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠰᠣᠷᠣᠭᠴᠢᠳ ᠢ ᠰᠢᠨᠵᠢᠯᠡᠬᠦ ᠤᠬᠠᠭᠠᠨ ᠳᠤ ᠮᠠᠰᠢ ᠶᠡᠭᠡ ᠳᠤᠷ᠎ᠠ ᠰᠣᠨᠢᠷᠬᠠᠯ ᠲᠠᠢ ᠪᠣᠯᠭᠠᠵᠠᠶ᠃ ᠡᠭᠦᠨ ᠠᠴᠠ ᠭᠠᠳᠠᠨ᠎ᠠ᠂ ᠡᠨᠡᠬᠦ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠨᠠᠩ ᠴᠢᠷᠮᠠᠶᠢᠨ ᠰᠤᠷᠤᠯᠴᠠᠵᠤ᠂ ᠢᠷᠡᠭᠡᠳᠦᠶ ᠶᠢᠨ ᠰᠤᠷᠤᠯᠴᠠᠯᠭ᠎ᠠ ᠪᠠ ᠠᠮᠢᠳᠤᠷᠠᠯ ᠤᠨ ᠳᠤᠮᠳᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠤᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠢᠲᠡᠭᠡᠵᠦ ᠪᠠᠶᠢᠨ᠎ᠠ  ᠃  
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号