ᠮᠠᠨ ᠤ ᠬᠤᠰᠢᠭᠤ ︽ᠨᠢᠭᠡ ᠮᠠᠯᠠᠭᠠᠢ ᠨᠢᠭᠡ ᠪᠦᠰᠡ︾ ᠶᠢ ᠤᠬᠠᠭᠤᠯᠤᠨ ᠴᠡᠭᠴᠡᠯᠡᠬᠦ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/9/25
      ︽ᠨᠢᠭᠡ ᠮᠠᠯᠠᠭᠠᠢ ᠨᠢᠭᠡ ᠪᠦᠰᠡ︾  ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯᠯᠠᠭ᠎ᠠ ᠶᠢ ᠠᠬᠢᠭᠤᠯᠵᠤ᠂ ᠲᠡᠷᠭᠡᠨ ᠵᠢᠯᠤᠭᠤᠴᠢᠳ ᠤᠨ ᠪᠣᠯᠪᠠᠰᠤᠨ ᠵᠠᠮ ᠬᠠᠷᠢᠯᠴᠠᠭᠠᠨ ᠤ ᠤᠬᠠᠮᠰᠠᠷ ᠪᠣᠯᠣᠨ ᠠᠳᠡᠯ  ᠠᠴᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 6 ᠤ ᠡᠳᠦᠷ᠂ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠪᠠ ᠠ ᠡ ᠢ  ᠣᠷᠴᠢᠨ ᠲᠣᠭᠤᠷᠢᠨ ᠢᠶᠠᠨ ᠬᠠᠮᠠᠭᠠᠯᠠᠬᠤ ᠰᠠᠶᠢᠨ ᠳᠤᠷᠠᠴᠣᠣᠯ ᠤᠨ ᠨᠡᠶᠢᠭᠡᠮᠯᠢᠭ ᠠᠴᠠ ᠬᠠᠮᠲᠤᠷᠠᠨ ︽ᠨᠢᠭᠡ ᠮᠠᠯᠠᠭᠠᠢ ᠨᠢᠭᠡ ᠪᠦᠰᠡ︾ ᠶᠢ ᠤᠬᠠᠭᠤᠯᠤᠨ  ᠴᠡᠭᠴᠡᠯᠡᠬᠦ ᠠᠵᠢᠯᠯᠠᠭ᠎ᠠ ᠶᠠᠪᠤᠭᠳᠠᠭᠤᠯᠵᠣ᠂ ᠣᠯᠠᠨ ᠲᠦᠮᠡᠨ ᠢᠶᠠᠨ  ᠬᠥᠲᠥᠯᠥᠨ ᠵᠢᠯᠤᠭᠤᠳᠴᠤ᠂ ᠤᠬᠠᠮᠰᠠᠷ   ᠠᠴᠠ ᠪᠠᠨ  ᠠᠮᠤᠷ ᠳᠦᠪᠰᠢᠨ ᠢ ᠴᠢᠬᠤᠯᠠᠴᠢᠯᠠᠬᠤ ᠳᠠᠳᠬᠠᠯ  ᠪᠤᠢ ᠪᠤᠯᠭᠠᠬᠤ ᠶᠢ ᠵᠤᠷᠢᠭᠰᠠᠨ ᠪᠠᠶᠢᠨ᠎ᠠ᠃      ᠠᠵᠢᠯᠯᠠᠭ᠎ᠠ ᠳᠤ᠂ ᠵᠠᠮ ᠬᠠᠷᠢᠯᠴᠠᠭᠠᠨ ᠤ ᠴᠠᠭᠳᠠᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠠᠵᠢᠯᠲᠠᠨ ᠵᠢᠴᠢ ᠰᠠᠶᠢᠨ ᠳᠤᠷᠠᠴᠣᠣᠯ ᠠᠴᠠ ᠬᠤᠰᠢᠭᠤ ᠡᠯ᠎ᠡ ᠵᠠᠮ ᠤᠨ ᠠᠭᠤᠯᠵᠠᠷ  ᠲᠤ ᠲᠦᠷ ᠴᠠᠭ ᠤᠨ ᠪᠠᠶᠢᠴᠠᠭᠠᠯᠲᠠ ᠶᠢᠨ ᠴᠡᠭ ᠭᠠᠷᠭᠠᠵᠤ᠂ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠨᠤᠵᠤ ᠪᠠᠶᠢᠭ᠎ᠠ ᠬᠥᠮᠥᠰ ᠤᠨ ︽ᠠᠶᠤᠯᠭᠦᠢ ᠶᠢᠨ ᠮᠠᠯᠠᠭᠠᠢ︾ ᠵᠡᠭᠦᠬᠦ ᠦᠭᠡᠢ ᠠᠵᠢᠯᠯᠠᠭ᠎ᠠ  ᠳᠤ ᠢᠳᠬᠠᠨ ᠰᠠᠨᠠᠭᠤᠯᠬᠤ ᠶᠢ ᠭᠤᠣᠯᠳᠠᠯᠭ᠎ᠠ ᠲᠠᠢ ᠴᠢᠩᠭᠠᠳᠬᠠᠵᠤ᠂ ᠣᠯᠠᠨ ᠲᠦᠮᠡᠨ ᠳᠤ ᠤᠬᠠᠭᠤᠯᠭ᠎ᠠ ᠬᠢᠵᠦ᠂ ᠬᠦᠯᠢᠴᠡᠩᠭᠦᠢ ᠪᠠᠷ ᠬᠥᠲᠥᠯᠥᠨ ᠵᠢᠯᠤᠭᠤᠳᠴᠤ᠂ ᠲᠡᠳᠡᠨ ᠳᠤ ᠵᠠᠮ ᠬᠠᠷᠢᠯᠴᠠᠭᠠᠨ ᠤ ᠠᠳᠡᠯ ᠭᠠᠷᠬᠤ ᠦᠶ᠎ᠡ ᠳᠤ ︽ᠠᠶᠤᠯᠭᠦᠢ ᠶᠢᠨ ᠮᠠᠯᠠᠭᠠᠢ︾ ᠵᠡᠭᠦᠬᠦ ᠪᠠ ᠵᠡᠭᠦᠬᠦ ᠦᠭᠡᠢ ᠠᠴᠠ ᠪᠣᠯᠤᠭᠰᠠᠨ ᠡᠷᠡᠰ ᠣᠨᠳᠣᠣ ᠦᠷ᠎ᠡ ᠳ᠋ᠦᠩ ᠢ ᠲᠠᠶᠢᠯᠪᠤᠷᠢᠯᠠᠨ ᠥᠭᠴᠦ᠂ ᠠᠮᠤᠷ ᠲᠦᠪᠰᠢᠨ ᠤ ᠬᠠᠮᠠᠭᠠᠯᠠᠯᠲᠠ ᠶᠢᠨ ᠤᠬᠠᠮᠰᠠᠷ ᠪᠠ ᠬᠠᠤᠯᠢ ᠶᠢ ᠰᠠᠬᠢᠬᠤ ᠤᠬᠠᠮᠰᠠᠷ ᠢᠶᠠᠨ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠤᠬᠠᠮᠰᠠᠷ   ᠠᠴᠠ ᠪᠠᠨ ᠡᠰᠡᠷᠭᠦᠴᠡᠨ ᠬᠤᠷᠢᠭᠯᠠᠵᠤ᠂ ᠪᠣᠯᠪᠠᠰᠤᠨ ᠢᠶᠠᠷ ᠠᠮᠤᠷ ᠲᠦᠪᠰᠢᠨ ᠢᠶᠠᠷ ᠶᠠᠪᠤᠵᠤ  ᠰᠠᠭᠤᠬᠤ ᠶᠢ ᠤᠬᠠᠭᠤᠯᠤᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号