2024 ᠣᠨ ᠤ 1 — 8 ᠰᠠᠷ᠎ᠠ ᠶᠢᠨ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠡᠭᠡᠭᠡᠪᠦᠷᠢ ᠶᠢᠨ ᠬᠡᠮᠵᠢᠶ᠎ᠡ 
ᠨᠡᠶᠢᠲᠡᠯᠡᠭᠰᠡᠨ ᠴᠠᠭ᠄
2024/9/26
      2024 ᠣᠨ ᠤ 1 — 8 ᠰᠠᠷ᠎ᠠ ᠳᠤ᠂ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠡᠳ᠋ ᠪᠣᠳᠠᠰ ᠨᠡᠶᠢᠲᠡ 169.82 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.67%᠎ ᠪᠠᠷ ᠨᠡᠮᠡᠭᠳᠡᠪᠡ᠃ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ 167.37 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.11%᠎ ᠪᠠᠷ ᠨᠡᠮᠡᠭᠳᠡᠪᠡ᠃ ᠭᠠᠳᠠᠭᠠᠳᠤ ᠳᠤ ᠭᠠᠷᠭᠠᠭᠰᠠᠨ ᠪᠠᠷᠠᠭ᠎ᠠ 2.45 ᠲᠦᠮᠡᠨ ᠲᠤᠨ᠃ ᠠᠳᠠᠯᠢ ᠬᠤᠭᠤᠴᠠᠭᠠᠨ ᠤ ᠬᠢ ᠠᠴᠠ 11.2 %᠎ ᠪᠠᠷ ᠨᠡᠮᠡᠭᠳᠡᠪᠡ᠃      ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠷᠭᠡᠨ ᠤ ᠠᠵᠢᠯᠲᠠᠨ 50249 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠠᠴᠠ 5.21% ᠨᠡᠮᠡᠭᠳᠡᠪᠡ᠃ ᠡᠭᠦᠨ ᠳᠤ ᠬᠢᠯᠢ ᠪᠠᠷ ᠣᠷᠣᠵᠤ ᠢᠷᠡᠭᠰᠡᠨ ᠬᠥᠮᠦᠰ 25079 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.24%᠎ ᠪᠠᠷ ᠨᠡᠮᠡᠭᠳᠡᠪᠡ᠃ ᠬᠢᠯᠢ ᠠᠴᠠ ᠭᠠᠷᠤᠭᠰᠠᠨ ᠬᠥᠮᠦᠰ 25170 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠠᠴᠠ 5.12% ᠨᠡᠮᠡᠭᠳᠡᠪᠡ᠃      ᠬᠢᠯᠢ ᠪᠠᠷ ᠣᠷᠣᠵᠤ ᠭᠠᠷᠤᠭᠰᠠᠨ ᠫᠠᠰᠫᠣᠷᠲ ᠲᠠᠢ ᠠᠶᠠᠨᠴᠢᠳ 18561 ᠬᠥᠮᠦᠨ ᠤᠳᠠᠭ᠎ᠠ ᠳᠤ ᠬᠦᠷᠪᠡ᠃ ᠡᠭᠦᠨ ᠳᠤ ᠬᠢᠯᠢ ᠪᠠᠷ ᠣᠷᠣᠵᠤ ᠢᠷᠡᠭᠰᠡᠨ ᠠᠶᠠᠨᠴᠢᠨ 9943 ᠬᠥᠮᠥᠨ ᠤᠳᠠᠭ᠎ᠠ᠂ ᠬᠢᠯᠢ ᠠᠴᠠ ᠭᠠᠷᠤᠭᠰᠠᠨ ᠠᠶᠠᠨᠴᠢᠨ 8618 ᠬᠥᠮᠥᠨ ᠤᠳᠠᠭ᠎ᠠ ᠳᠤ ᠬᠦᠷᠪᠡ᠃      ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠷᠭᠡ 47880 ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.43 % ᠨᠡᠮᠡᠭᠳᠡᠪᠡ᠃ ᠡᠭᠦᠨ ᠳᠤ ᠬᠢᠯᠢ ᠪᠠᠷ ᠤᠷᠤᠵᠤ ᠢᠷᠡᠭᠰᠡᠨ ᠲᠡᠷᠭᠡ 23867 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.42%᠎ ᠪᠠᠷ ᠨᠡᠮᠡᠭᠳᠡᠪᠡ᠃ ᠬᠢᠯᠢ ᠠᠴᠠ ᠭᠠᠷᠤᠭᠰᠠᠨ ᠲᠡᠷᠭᠡ 24013 ᠤᠳᠠᠭ᠎ᠠ ᠳᠤ ᠬᠦᠷᠴᠦ ᠠᠳᠠᠯᠢ ᠬᠤᠭᠤᠴᠠᠭᠠᠨ ᠤ ᠬᠢ ᠠᠴᠠ 0.41% ᠨᠡᠮᠡᠭᠳᠡᠪᠡ᠃      ᠣᠳᠣᠬᠠᠨ ᠳᠤ᠂ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠶᠡᠭᠡ ᠬᠡᠮᠵᠢᠶᠡᠨ ᠤ ᠪᠠᠷᠠᠭ᠎ᠠ ᠨᠢ ᠨᠡᠭᠦᠷᠡᠰᠦ ᠪᠠᠷ ᠭᠤᠤᠯ ᠪᠣᠯᠭᠠᠵᠤ᠂ ᠲᠡᠮᠦᠷ ᠤᠨ ᠨᠠᠷᠢᠯᠢᠭ ᠨᠤᠨᠲᠠᠭ᠂ ᠲᠡᠮᠦᠷ ᠤᠨ ᠬᠦᠳᠡᠷ᠂ ᠬᠠᠶᠢᠯᠤᠭᠤᠷ ᠵᠣᠩᠰᠢ᠂ ᠴᠠᠶᠢᠷ ᠤᠨ ᠨᠠᠷᠢᠯᠢᠭ ᠬᠦᠳᠡᠷ ᠵᠡᠷᠭᠡ ᠭᠠᠳᠠᠭᠠᠳᠤ ᠠᠴᠠ ᠣᠷᠣᠭᠤᠯᠬᠤ ᠡᠳ᠋ ᠪᠠᠷᠠᠭ᠎ᠠ ᠨᠢ ᠠᠭᠠᠵᠢᠮ ᠢᠶᠠᠷ ᠨᠡᠮᠡᠭᠳᠡᠵᠦ᠂ ᠪᠣᠭᠤᠮᠲᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠣᠭᠤᠮᠲᠠ ᠪᠠᠷ ᠥᠩᠭᠡᠷᠡᠬᠦ ᠦᠢᠯᠡᠴᠢᠯᠡᠭᠡ ᠶᠢ ᠴᠢᠩᠭᠠᠳᠬᠠᠨ᠂ ᠪᠣᠭᠤᠮᠲᠠ ᠪᠠᠷ ᠥᠩᠭᠡᠷᠡᠬᠦ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠪᠡ᠃ ᠪᠣᠭᠤᠮᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠪᠠ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠰᠢᠨ᠎ᠡ ᠵᠠᠮ ᠤᠨ ᠳᠦᠭᠦᠷᠡᠩ ᠠᠴᠢᠶᠠᠯᠠᠪᠦᠷᠢ ᠲᠠᠢ ᠠᠵᠢᠯᠯᠠᠭᠠᠨ ᠢ ᠦᠨᠡᠨᠬᠦ ᠪᠠᠲᠤᠯᠠᠨ᠂ ᠨᠡᠭᠦᠷᠡᠰᠦ᠂ ᠲᠡᠮᠦᠷ᠂ ᠴᠠᠶᠢᠷ᠂ ᠬᠠᠶᠢᠯᠤᠭᠤᠷ ᠵᠣᠩᠰᠢ ᠵᠡᠷᠭᠡ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠤᠨ ᠪᠣᠭᠤᠮᠲᠠ ᠨᠡᠪᠲᠡᠷᠡᠬᠦ ᠬᠡᠮᠵᠢᠶ᠎ᠡ ᠶᠢ ᠥᠷᠭᠡᠳᠬᠡᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号