ᠤᠯᠢᠶᠠᠰᠤᠲᠠᠢ ᠪᠠᠯᠭᠠᠰᠤ ︿︿ᠲᠥᠯᠥᠭᠡᠯᠡᠭᠴᠢ ᠭᠡᠰᠢᠭᠦᠨ﹀﹀ ᠤ ᠦᠷᠦᠭᠡ ᠨᠡᠶᠢᠭᠡᠮ ᠤᠨ ᠪᠠᠶᠢᠳᠠᠯ ᠠᠷᠠᠳ  ᠤᠨ ᠰᠠᠨᠠᠯ ᠰᠠᠨᠠᠭᠤᠯᠭ᠎ᠠ ᠶᠢᠨ ᠶᠠᠷᠢᠯᠴᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/26
      ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠦᠶᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠨᠠᠮ  ᠤᠨ ᠭᠡᠰᠢᠭᠦᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠬᠤ ᠶᠢᠨ ᠲᠥᠯᠥᠭᠡ᠂ 9 ᠰᠠᠷ᠎ᠠ  ᠶᠢᠨ 6 ᠤ ᠡᠳᠦᠷ᠂ ᠤᠯᠢᠶᠠᠰᠤᠲᠠᠢ ᠪᠠᠯᠭᠠᠰᠤ《 ᠲᠥᠯᠥᠭᠡᠯᠡᠭᠴᠢ ᠭᠡᠰᠢᠭᠦᠨ 》 ᠤ ᠦᠷᠦᠭᠡ ᠨᠡᠶᠢᠭᠡᠮ ᠤᠨ ᠪᠠᠶᠢᠳᠠᠯ ᠠᠷᠠᠳ ᠤᠨ ᠰᠠᠨᠠᠯ ᠰᠠᠨᠠᠭᠤᠯᠭ᠎ᠠ ᠶᠢᠨ ᠶᠠᠷᠢᠯᠴᠠᠭᠠᠨ ᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃      ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠰᠢᠶᠣᠤ ᠮᠢᠩ ᠪᠤᠯᠤᠨ ᠤᠯᠢᠶᠠᠰᠤᠲᠠᠢ ᠪᠠᠯᠭᠠᠰᠤᠨ ᠤ《 ᠲᠥᠯᠥᠭᠡᠯᠡᠭᠴᠢ ᠭᠡᠰᠢᠭᠦᠨ 》 ᠤ ᠦᠷᠦᠭᠡᠨ ᠳᠤ ᠣᠷᠣᠵᠦ ᠰᠠᠭᠤᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠣᠷᠣᠯᠴᠠᠪᠠ  ᠃      ᠬᠤᠷᠠᠯ ᠳᠡᠭᠡᠷ᠎ᠡ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠠᠷᠢᠯᠴᠠᠬᠤ ᠠᠯᠪᠠᠨ ᠬᠡᠷ ᠤᠨ ᠬᠠᠷᠢᠭᠤᠴᠠᠯᠭᠠᠲᠠᠨ ᠠᠴᠠ《 ᠲᠥᠯᠥᠭᠡᠯᠡᠭᠴᠢ ᠭᠡᠰᠢᠭᠦᠨ 》 ᠤ ᠦᠷᠦᠭᠡᠨ ᠤ ᠲᠤᠬᠠᠢ ᠨᠠᠷᠢᠨ ᠲᠠᠨᠢᠯᠴᠠᠭᠤᠯᠭ᠎ᠠ         ᠬᠢᠪᠡ᠃ ᠳᠠᠷᠠᠭ᠎ᠠ ᠨᠢ᠂ ᠬᠤᠷᠠᠯ ᠳᠤ ᠣᠷᠣᠯᠴᠠᠭᠰᠠᠳ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠴᠢᠨᠠᠷ ᠪᠠ ᠵᠠᠶᠢᠯᠠᠰᠢ ᠥᠬᠡᠶ ᠴᠢᠨᠠᠷ ᠢ ᠭᠦᠨᠵᠡᠭᠡᠶ ᠣᠶᠢᠯᠠᠭᠠᠬᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠠ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠵᠡᠷᠭᠡ ᠲᠠᠯ᠎ᠠ ᠪᠠᠷ ᠠᠮᠢᠳᠤᠯᠢᠭ ᠵᠢᠱᠢᠶ᠎ᠡ ᠪᠠ ᠨᠠᠷᠢᠨ ᠪᠣᠳᠠᠲᠠᠶ ᠲᠤᠭ᠎ᠠ ᠪᠠᠷᠢᠮᠲᠠ ᠪᠠᠷ ᠳᠠᠮᠵᠢᠭᠤᠯᠤᠨ᠂ ᠪᠥᠬᠦᠳᠡ ᠬᠤᠷᠠᠯ ᠤᠨ ᠵᠣᠷᠢᠭ ᠰᠠᠨᠠᠭᠠᠨ ᠤ ᠭᠤᠤᠯ ᠴᠢᠬᠤᠯᠠ ᠠᠭᠤᠯᠭ᠎ᠠ ᠶᠢ ᠭᠦᠨᠵᠡᠭᠡᠶ ᠣᠶᠢᠯᠠᠭᠠᠪᠠ  ᠃ ᠬᠤᠷᠠᠯ ᠠᠴᠠ ᠪᠠᠰᠠ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠬᠦᠴᠢᠷ᠂ ᠡᠮᠵᠡᠭ ᠠᠰᠠᠭᠤᠳᠠᠯ ᠢ ᠬᠠᠮᠲᠤ ᠪᠠᠷ ᠵᠥᠪᠳᠡᠯᠴᠡᠪᠡ  ᠃      ᠬᠤᠷᠠᠯ ᠠᠴᠠ ᠴᠢᠬᠤᠯᠠᠴᠢᠯᠠᠬᠤ ᠳᠠᠭᠠᠨ᠂《 ᠲᠥᠯᠥᠭᠡᠯᠡᠭᠴᠢ ᠭᠡᠰᠢᠭᠦᠨ》 ᠤ ᠦᠷᠦᠭᠡ ᠪᠣᠯ  ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠣᠶᠤᠨ ᠤᠬᠠᠭᠠᠨ ᠢ ᠨᠢᠭᠲᠠᠷᠠᠭᠤᠯᠬᠤ ᠴᠢᠬᠤᠯᠠ ᠰᠠᠭᠤᠷᠢᠨ ᠭᠠᠵᠠᠷ ᠮᠥᠨ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠯ᠎ᠡ ᠵᠦᠢᠯ ᠤᠨ ᠠᠵᠢᠯ ᠳᠠᠭᠠᠨ ᠢᠳᠡᠪᠬᠢᠲᠡᠢ ᠣᠷᠣᠯᠴᠠᠵᠤ᠂ ᠤᠯᠠᠨ ᠲᠦᠮᠡᠨ ᠤ ᠪᠤᠳᠤᠵᠤ ᠰᠠᠨᠠᠭᠰᠠᠨ ᠵᠦᠢᠯ ᠢ ᠥᠷᠭᠡᠨ ᠢᠶᠠᠷ ᠣᠶᠢᠯᠠᠭᠠᠵᠤ᠂ ᠤᠯᠠᠨ ᠲᠦᠮᠡᠨ ᠤ ᠰᠠᠨᠠᠯ ᠪᠤᠳᠣᠯ ᠢ ᠢᠳᠡᠪᠬᠢᠲᠠᠢ ᠳᠡᠪᠰᠢᠭᠦᠯᠬᠦ ᠬᠡᠷᠡᠭᠲᠡᠢ᠃ 《 ᠲᠥᠯᠥᠭᠡᠯᠡᠭᠴᠢ ᠭᠡᠰᠢᠭᠦᠨ 》 ᠤ ᠦᠷᠦᠭᠡᠨ ᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂  ᠬᠠᠮᠲᠤ ᠶᠢᠨ ᠲᠠᠨᠢᠯᠲᠠ ᠪᠤᠯᠤᠨ ᠬᠦᠴᠦᠨ ᠴᠢᠳᠠᠯ ᠢᠶᠠᠨ ᠨᠢᠭᠲᠠᠷᠠᠭᠤᠯᠵᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠳᠡᠭᠡᠭᠰᠢᠯᠡᠭᠦᠯᠬᠦ ᠬᠦᠴᠦᠲᠡᠢ ᠭᠠᠷᠳᠠᠴᠠ ᠪᠣᠯᠭᠠᠬᠤ ᠬᠡᠷᠡᠭᠲᠡᠢ ᠭᠡᠵᠡᠢ  ᠃      ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠪᠠᠰᠠ ︿︿ᠤᠯᠢᠶᠠᠰᠦᠲᠠᠢ ᠶᠢᠨ ᠳᠣᠷᠠᠰᠣᠮᠵᠢ﹀﹀ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠤᠯᠢᠶᠠᠰᠤᠲᠠᠢ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠵᠢᠯᠤᠭᠤᠳᠤᠯᠭ᠎ᠠ ᠶᠢ ᠪᠠᠷᠢᠮᠲᠠᠯᠠᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠦᠭᠰᠡᠨ ᠦᠢᠯᠡᠳᠦᠯᠭᠡ ᠶᠢ ᠭᠦᠨᠵᠡᠭᠡᠢ ᠣᠶᠢᠯᠠᠭᠠᠪᠠ  ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号