9 ᠰᠠᠷ᠎ᠠ ᠶᠢᠨ 14 ᠤ ᠡᠳᠦᠷ᠂ ᠤᠯᠢᠶᠠᠰᠤᠲᠠᠢ ᠪᠠᠯᠭᠠᠰᠤᠨ ᠤ ᠬᠠᠯᠠᠭᠠᠶᠢᠲᠤ ᠭᠠᠴᠠᠭᠠᠨ ᠤ ᠨᠠᠮ ᠤᠨ ᠡᠭᠦᠷ | ᠨᠢ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ | ᠪᠠᠶᠢᠷᠢᠯᠠᠭᠤᠯᠣᠯᠲᠠ ᠶᠢᠨ ᠬᠤᠷᠠᠯ ᠢ ᠬᠤᠷᠠᠯᠳᠤᠭᠤᠯᠵᠤ᠂ ᠪᠠᠯᠭᠠᠰᠤᠨ ᠤ ᠭᠠᠴᠠᠭ᠎ᠠ ᠲᠠᠭᠠᠭᠠᠴᠢᠯᠠᠵᠦ ᠪᠠᠶᠢᠭ᠎ᠠ | ᠣᠳᠣᠷᠢᠳᠣᠯᠭ᠎ᠠ᠂ ᠺᠠᠳ᠋ᠷ ᠪᠠ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠨ ᠬᠤᠷᠠᠯ ᠳᠤ ᠣᠷᠣᠯᠴᠠᠪᠠ᠃ | ᠬᠤᠷᠠᠯ ᠳᠤ᠂ ᠪᠠᠯᠭᠠᠰᠤᠨ ᠤ ᠭᠠᠴᠠᠭ᠎ᠠ ᠲᠠᠭᠠᠭᠠᠴᠢᠯᠠᠵᠦ ᠪᠠᠶᠢᠭ᠎ᠠ ᠣᠳᠣᠷᠢᠳᠣᠯᠭ᠎ᠠ᠂ ᠪᠠᠯᠭᠠᠰᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠠᠢ ᠶᠤᠸᠠᠨ ᠶᠤᠸᠠᠨ ᠨᠥᠬᠦᠷ ᠠᠴᠠ ᠠᠷᠪᠠᠨ | ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠲᠣᠭᠤᠷᠢᠨ ᠪᠠᠶᠢᠴᠠᠭᠠᠵᠦ ᠬᠠᠷᠢᠭᠤ ᠲᠣᠰᠬᠠᠭᠰᠠᠨ ᠠᠰᠠᠭᠤᠳᠠᠯ ᠤᠨ ᠬᠤᠷᠠᠯ ᠤᠨ ᠵᠣᠷᠢᠭ ᠰᠠᠨᠠᠭ᠎ᠠ | ᠪᠠ ᠪᠠᠯᠭᠠᠰᠤᠨ ᠤ ᠲᠠᠰ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠠᠯᠳᠠᠨᠪᠠᠲᠣ ᠨᠥᠬᠦᠷ ᠠᠴᠠ ᠠᠷᠪᠠᠨ ᠳᠥᠷᠪᠡᠳᠦᠭᠡᠷ | ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ | ᠲᠤᠰᠬᠠᠭᠰᠠᠨ ᠠᠰᠠᠭᠤᠳᠠᠯ ᠪᠠ ᠨᠠᠷᠢᠨ ᠲᠠᠩᠰᠠ ᠶᠢ ᠮᠡᠳᠡᠭᠳᠡᠪᠡ᠃ ᠬᠠᠷᠢᠭᠤ ᠲᠤᠰᠬᠠᠭᠰᠠᠨ ᠠᠰᠠᠭᠤᠳᠠᠯ ᠨᠢ | ᠨᠠᠮ ᠤᠨ ᠡᠭᠦᠷ ᠨᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠬᠦ᠂ | ᠣᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠵᠢᠴᠢ ᠣᠯᠠᠨ ᠲᠦᠮᠡᠨ ᠤ | ᠲᠤᠰᠬᠠᠯ ᠶᠡᠬᠡᠲᠡᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠵᠡᠷᠭᠡ 3 ᠲᠠᠯ᠎ᠠ ᠶᠢᠨ ᠠᠷᠪᠠᠨ ᠭᠤᠷᠪᠠᠨ ᠣᠷᠣᠰᠢᠵᠦ ᠪᠠᠶᠢᠭ᠎ᠠ ᠠᠰᠠᠭᠤᠳᠠᠯ ᠢ ᠵᠢᠭᠠᠵᠤ ᠭᠠᠷᠭᠠᠪᠠ᠃ | ᠬᠠᠷᠢᠭᠤ ᠲᠣᠰᠬᠠᠭᠰᠠᠨ ᠠᠰᠠᠭᠤᠳᠠᠯ ᠨᠢ ᠦᠨᠡᠨ ᠠᠴᠠ ᠵᠥᠪ ᠢ ᠡᠷᠢᠵᠦ᠂ ᠲᠥᠪ ᠴᠢᠩᠭ᠎ᠠ ᠪᠥᠭᠡᠳ ᠣᠨᠣᠪᠴᠢᠲᠠᠢ᠂ | ᠳᠤᠷᠠᠳᠤᠭᠰᠠᠨ ᠰᠠᠨᠠᠯ ᠨᠢ ᠬᠠᠨᠳᠤᠯᠭᠠᠲᠤ ᠴᠢᠨᠠᠷ᠂ ᠵᠢᠯᠤᠭᠤᠳᠬᠤ ᠴᠢᠨᠠᠷ᠂ ᠬᠡᠷᠡᠭᠵᠢᠭᠦᠯᠬᠦ ᠴᠢᠨᠠᠷ ᠢᠶᠠᠷ ᠴᠢᠩᠭ᠎ᠠ᠂ | ᠭᠠᠴᠠᠭᠠᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠢ ᠪᠥᠬᠦ | ᠲᠠᠯ᠎ᠠ ᠪᠠᠷ ᠴᠢᠩᠭ᠎ᠠ ᠵᠠᠰᠠᠬᠤ ᠶᠢ ᠲᠦᠯᠬᠢᠨ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠦ ᠭᠠᠷᠭᠠᠭᠰᠠᠨ ᠪᠠᠶᠢᠨ᠎ᠠ᠃ | | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ | ᠬᠡᠷᠡᠭᠲᠡᠢ᠃ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠳ ᠲᠣᠰ ᠤᠳᠠᠭᠠᠨ ᠤ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠳᠡᠭᠡᠳᠦ ᠬᠡᠮᠵᠢᠶᠡᠨ ᠤ ᠤᠯᠤᠰ | ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠳᠤ | ᠬᠠᠨᠳᠤᠬᠤ ᠬᠡᠷᠡᠭᠲᠡᠢ ᠃ ᠬᠤᠶᠠᠷ ᠲᠤ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ᠴᠡᠭᠴᠡᠯᠡᠨ | ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ | ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠢᠯᠤᠭᠤᠳᠬᠤ ᠪᠠᠨ | ᠴᠢᠩᠭᠠᠳᠬᠠᠵᠤ᠂ ᠡᠯ᠎ᠡ ᠭᠡᠰᠢᠭᠦᠳ ᠠᠵᠢᠯ ᠤᠨ ᠬᠤᠪᠢᠶᠠᠷᠢᠯᠠᠯ ᠶᠣᠰᠣᠭᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ | ᠨᠠᠷᠢᠨ ᠬᠢᠨᠠᠮᠠᠭᠠᠢ ᠨᠠᠶᠢᠳᠠᠪᠦᠷᠢᠵᠢᠭᠤᠯᠬᠤ ᠬᠡᠷᠡᠭᠲᠡᠢ᠃ ᠭᠤᠷᠪᠠ ᠳᠤ᠂ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ | ᠪᠦᠲᠦᠮᠵᠢ ᠶᠢ ᠴᠢᠬᠤᠯᠠᠴᠢᠯᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠠᠢ ᠠᠴᠠ ᠡᠭᠦᠰᠴᠦ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠡᠭᠦᠨ ᠤ ᠬᠠᠮᠲᠤ᠂ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠵᠤ᠂ ᠠᠰᠠᠭᠤᠳᠠᠯ ᠤᠨ ᠲᠠᠬᠢᠨ ᠡᠭᠦᠰᠬᠦ ᠶᠢ ᠰᠡᠷᠭᠡᠶᠢᠯᠡᠵᠦ᠂ ᠴᠡᠭᠴᠡᠯᠡᠨ | ᠰᠠᠶᠢᠵᠢᠷᠠᠭᠤᠯᠬᠤ ᠪᠠᠷ ᠨᠠᠮ ᠤᠨ ᠡᠭᠦᠷ ᠤᠨ ᠠᠵᠢᠯ ᠤᠨ ᠳᠦᠷᠢᠮᠵᠢᠯᠲᠡ ᠪᠠ ᠵᠢᠷᠦᠮᠵᠢᠯᠲᠡ ᠶᠢ ᠠᠬᠢᠭᠤᠯᠬᠤ ᠬᠡᠷᠡᠭᠲᠡᠢ᠃ | ᠳᠥᠷᠪᠡ ᠳᠤ᠂ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠭᠠᠴᠠᠭᠠᠨ ᠤ ︽ᠬᠤᠶᠠᠷ ᠵᠥᠪᠯᠡᠯ︾ ᠤᠨ | ᠭᠡᠰᠢᠭᠦᠨ ᠬᠤᠭᠤᠷᠣᠨᠳᠤ ᠪᠠᠨ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠪᠠᠯᠭᠠᠰᠤᠨ ᠤ ᠱᠠᠲᠤᠨ ᠤ | ᠭᠠᠴᠠᠭ᠎ᠠ ᠲᠠᠭᠠᠭᠠᠴᠢᠯᠠᠵᠦ ᠪᠠᠶᠢᠭ᠎ᠠ ᠠᠵᠢᠯ ᠤᠨ ᠳᠤᠭᠤᠶᠢᠯᠠᠩ ᠨᠢ ᠵᠢᠯᠣᠭᠤᠳᠤᠯᠭ᠎ᠠ ᠪᠠ ᠬᠠᠪᠰᠤᠷᠤᠯᠭ᠎ᠠ ᠪᠠᠨ | ᠦᠷᠭᠦᠯᠵᠢᠯᠡᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠴᠡᠭᠴᠡᠯᠡᠨ ᠰᠠᠶᠢᠵᠢᠷᠠᠭᠤᠯᠬᠤ | ᠠᠵᠢᠯ ᠢ ᠬᠠᠮᠲᠤᠪᠠᠷ ᠲᠦᠯᠬᠢᠨ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠲᠤᠯᠭᠠᠷᠠᠭᠰᠠᠨ | ᠠᠰᠠᠭᠤᠳᠠᠯ ᠪᠠ ᠬᠦᠴᠢᠷᠳᠡᠯ ᠢ ᠴᠠᠭ ᠲᠤᠬᠠᠢ ᠳᠤᠨᠢ ᠬᠠᠷᠢᠭᠤ ᠮᠡᠳᠡᠭᠦᠯᠵᠦ᠂ ᠴᠠᠭ ᠲᠤᠬᠠᠢ ᠳᠤᠨᠢ ᠰᠢᠢᠳᠪᠦᠷᠢᠯᠡᠬᠦ | ᠬᠡᠷᠡᠭᠲᠡᠢ᠃ | ᠬᠤᠷᠠᠯ ᠳᠤ ︽ᠤᠯᠢᠶᠠᠰᠤᠲᠠᠢ ᠪᠠᠯᠭᠠᠰᠤᠨ ᠤ ᠬᠠᠯᠠᠭᠠᠶᠢᠲᠤ ᠭᠠᠴᠠᠭᠠᠨ ᠤ ᠨᠠᠮ ᠤᠨ ᠡᠭᠦᠷ ᠤᠨ ᠠᠷᠪᠠᠨ | ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠲᠥᠰᠥᠯ︾ ᠢ ᠶᠠᠷᠢᠯᠴᠠᠨ ᠪᠠᠲᠤᠯᠠᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠪᠠᠶᠢᠭᠤᠯᠵᠤ᠂ ᠡᠯ᠎ᠡ ᠪᠦᠷᠢᠯᠳᠦᠭᠦᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠢ | ᠲᠣᠭᠳᠠᠭᠠᠪᠠ ᠃ | | |