ᠰᠠᠮᠠᠢ ᠰᠤᠮᠤ ᠨᠢ ᠦᠨᠳᠦᠰᠦᠨ ᠱᠠᠲᠤᠨ ᠤ ᠨᠠᠮ ᠤᠨ ᠭᠡᠰᠢᠭᠦᠨ ᠵᠢᠱᠢᠶ᠎ᠡ ᠦᠵᠡᠭᠦᠯᠦᠨ ᠡᠭᠡᠯᠵᠢᠯᠡᠨ ᠪᠤᠯᠪᠠᠰᠤᠷᠠᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/9/27
      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠭᠡᠰᠢᠭᠦᠨ ᠺᠠᠳ᠋ᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠣᠯᠤᠨ ᠳᠠᠶᠢᠴᠢᠨ ᠬᠦᠴᠦᠨ ᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠡᠩᠨᠡᠭᠡ ᠶᠢᠨ ᠤᠨᠤᠯ ᠤᠨ ᠬᠡᠪ ᠪᠣᠯᠪᠠᠰᠤᠷᠠᠯ᠂ ᠨᠠᠮᠴᠢ ᠴᠢᠨᠠᠷ ᠤᠨ ᠪᠣᠯᠪᠠᠰᠤᠷᠠᠯ ᠪᠣᠯᠤᠨ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠳᠠᠰᠤᠷᠠᠯᠳᠠ ᠦᠬᠡᠢ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 29 ᠤ ᠡᠳᠦᠷ᠂ ᠰᠠᠮᠠᠢ ᠰᠤᠮᠤ ᠨᠢ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠵᠢᠱᠢᠶ᠎ᠡ  ᠦᠵᠡᠭᠦᠯᠦᠨ ᠡᠭᠡᠯᠵᠢᠯᠡᠨ  ᠪᠤᠯᠪᠠᠰᠤᠷᠠᠬᠤ ᠠᠩᠬᠢ ᠶᠢ ᠡᠷᠬᠢᠯᠡᠪᠡ᠃ ᠰᠤᠮᠤᠨ ᠤ ᠪᠠᠶᠢᠭᠤᠯᠭ᠎ᠠ᠂ ᠡᠯ᠎ᠡ ᠭᠠᠴᠠᠭᠠᠨ          ︵ᠨᠡᠶᠢᠭᠡᠮ ᠲᠣᠭᠤᠷᠢᠭ  ︶  ᠤ ᠨᠠᠮ ᠤᠨ ᠭᠡᠰᠢᠭᠦᠨ ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠤ ᠤᠷᠤᠯᠴᠠᠪᠠ᠃      ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠵᠣᠷᠢᠭᠲᠤ《 ᠰᠢᠨ᠎ᠡ ᠦᠵᠡᠯ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠶᠢ ᠬᠥᠲᠥᠯᠥᠨ ᠳᠠᠭᠠᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠶ᠎ᠠ 》ᠭᠡᠬᠦ ᠭᠤᠤᠯ ᠰᠡᠳᠦᠪ ᠢᠶᠠᠷ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ᠂《 ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠣᠨᠴᠠᠯᠢᠭ ᠪᠥᠬᠦᠶ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ 》 ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠦᠨᠵᠡᠭᠡᠶ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ᠂ ᠳᠣᠤᠷ᠎ᠠ ᠬᠠᠭᠠᠰ ᠵᠢᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠬᠤᠯᠠ ᠪᠠᠶᠢᠷᠢᠯᠠᠭᠤᠯᠤᠯᠲᠠ ᠵᠡᠷᠭᠡ ᠲᠠᠯ᠎ᠠ ᠶᠢ ᠭᠦᠨᠵᠡᠭᠡᠶ ᠲᠠᠨᠢᠬᠤ ᠵᠡᠷᠭᠡ ᠲᠠᠯ᠎ᠠ ᠪᠠᠷ  ᠨᠠᠮ ᠤᠨ ᠬᠤᠷᠢᠳᠤᠭᠠᠷ ᠬᠤᠭᠤᠴᠠᠭᠠᠨ  ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠨ ᠤᠬᠠᠭᠤᠯᠪᠠ᠃      ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠳᠤᠷᠤᠨᠠᠲᠤᠶᠠᠭ᠎ᠠ《 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ 》 ᠪᠠᠷ ᠭᠤᠤᠯ ᠰᠡᠳᠦᠪ ᠪᠣᠯᠭᠠᠵᠤ᠂ ᠥᠪᠥᠷ ᠮᠣᠩᠭᠤᠯ ᠤᠨ ᠦᠨᠳᠦᠰᠦᠲᠡᠨ ᠤ ᠠᠵᠢᠯ ᠤᠨ ᠴᠢᠬᠤᠯᠠ ᠠᠴᠢ ᠬᠤᠯᠪᠣᠭᠳᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠡᠷᠬᠡᠪᠰᠢ ᠪᠠᠷᠢᠮᠲᠠᠯᠠᠬᠤ ᠵᠥᠪ ᠵᠠᠮ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠡᠷᠬᠡᠪᠰᠢ ᠪᠠᠷᠢᠮᠲᠠᠯᠠᠬᠤ ᠦᠨᠳᠦᠰᠦᠨ ᠪᠠᠲᠤᠯᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠨᠳᠦᠰᠦᠨ ᠠᠷᠭ᠎ᠠ ᠵᠠᠮ ᠵᠡᠷᠭᠡ ᠬᠡᠳᠦᠨ ᠲᠠᠯ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ ᠰᠢᠨ᠎ᠡ ᠴᠠᠭ ᠦᠶ᠎ᠡ  ᠶᠢᠨ ᠨᠠᠮ ᠤᠨ ᠦᠨᠳᠦᠰᠦᠲᠡᠨ ᠤ ᠠᠵᠢᠯ ᠢ ᠬᠡᠷᠬᠢᠨ ᠰᠠᠶᠢᠲᠤᠷ ᠬᠢᠬᠦ ᠦᠶᠯᠡᠳᠦᠯᠭᠡ ᠶᠢᠨ ᠠᠷᠭ᠎ᠠ ᠵᠠᠮ ᠢ ᠰᠢᠰᠲ᠋ᠧᠮ  ᠲᠠᠢ ᠲᠣᠳᠣᠷᠬᠠᠶᠢᠯᠠᠨ ᠥᠭᠦᠯᠡᠪᠡ᠃      ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠭᠢᠯᠡᠭᠰᠡᠨ ᠨᠢ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠤᠯᠤᠰ ᠲᠥᠷᠥ ᠶᠢᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠲᠡᠳᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠡᠮᠡᠭᠳᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠰᠠᠮᠠᠢ ᠰᠤᠮᠤ ᠨᠢ ᠨᠠᠮ ᠤᠨ ᠭᠡᠰᠢᠭᠦᠨ  ᠤ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠰᠠᠮᠠᠢ ᠰᠤᠮᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号