ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠦᠷᠭᠦᠯᠵᠢᠯᠡᠨ ᠳᠤᠭᠤᠰᠢᠯᠠᠭᠤᠯᠤᠨ ᠨᠠᠶᠢᠳᠠᠪᠤᠷᠢᠵᠢᠭᠤᠯᠬᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠵᠤ᠂ ᠪᠦᠬᠦ ᠣᠷᠣᠨ ᠤ 41 ᠳ᠋ᠤᠬᠡᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ | ᠰᠠᠷ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ᠂ 9 ᠰᠠᠷ᠎ᠠ ᠶᠢᠨ 11 ᠤ ᠡᠳᠦᠷ᠂ | ᠳᠠᠭᠤᠳᠤᠨᠠᠭᠤᠷ ᠪᠠᠯᠭᠠᠰᠤ ᠭᠠᠴᠠᠭᠠᠨ ᠳᠤ ᠬᠦᠨᠵᠡᠬᠡᠶᠢᠷᠡᠵᠦ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ | ᠴᠣᠭᠴᠠᠯᠠᠨ ᠪᠠᠶᠢᠭᠤᠯᠬᠤ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ | ᠠᠵᠢᠯᠯᠠᠭ᠎ᠠ ᠳᠤ᠂ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠵᠡᠷᠭᠡ ᠠᠭᠤᠯᠭ᠎ᠠ ᠶᠢᠨ ᠲᠣᠭᠤᠷᠢᠨ ᠳᠤ ᠣᠨᠣᠯ ᠤᠨ | ᠤᠬᠠᠭᠤᠯᠤᠨ ᠲᠠᠶᠢᠯᠪᠤᠷᠢᠯᠠᠯᠲᠠ ᠬᠢᠪᠡ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠮᠡᠳᠡᠯᠭᠡ ᠶᠢᠨ ᠭᠠᠷ ᠳᠡᠪᠲᠡᠷ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠵᠡᠷᠭᠡ ᠰᠤᠷᠤᠯᠴᠠᠵᠤ | ᠤᠬᠠᠭᠤᠯᠬᠤ ᠮᠠᠲ᠋ᠧᠷᠢᠶᠠᠯ ᠢ ᠲᠠᠷᠬᠠᠭᠠᠵᠤ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠥᠬᠦ ᠬᠦᠷᠢᠶ᠎ᠡ᠂ ᠪᠥᠬᠦ | ᠶᠠᠪᠤᠴᠠ᠂ ᠡᠯ᠎ᠡ ᠲᠠᠯ᠎ᠠ ᠳᠤ ᠳᠤᠭᠤᠰᠢᠯᠠᠭᠤᠯᠤᠨᠠ᠃ | ᠳᠠᠷᠠᠭᠠᠴᠢ ᠶᠢᠨ ᠠᠯᠬᠤᠮ ᠳᠤ᠂ ᠳᠠᠭᠤᠳᠤᠨᠠᠭᠤᠷ ᠪᠠᠯᠭᠠᠰᠤ ᠶᠢᠨ ᠬᠢᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠬᠠᠮᠲᠤ ᠶᠢᠨ ᠲᠠᠨᠢᠯᠲᠠ ᠶᠢ ᠴᠢᠨᠠᠭᠰᠢᠳᠠ ᠨᠢᠭᠲᠠᠷᠠᠭᠤᠯᠵᠤ᠂ ᠦᠨᠳᠦᠰᠦᠲᠡᠨ ᠤ ᠪᠦᠯᠬᠦᠮᠳᠡᠯ ᠢ | ᠬᠠᠮᠠᠭᠠᠯᠠᠬᠤ ᠵᠥᠪ ᠤᠳᠤᠷᠢᠳᠤᠮᠵᠢ ᠶᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ | ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ᠂ ᠠᠭᠤᠰᠤᠯᠴᠠᠯ᠂ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ | ᠨᠢᠭᠳᠠᠷᠠᠵᠦ᠂ ᠡᠶ᠎ᠡ ᠨᠠᠶᠢᠷᠲᠠᠢ ᠪᠠᠶᠢᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ |