ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠳᠠᠭᠤᠲᠤᠨᠠᠭᠤᠷ ᠪᠠᠯᠭᠠᠰᠤᠨ ᠤ ᠪᠠᠶᠠᠨᠳᠤᠭ ᠭᠠᠴᠠᠭ᠎ᠠ ᠳᠤ ᠭᠦᠨᠵᠡᠭᠡᠶᠢᠷᠡᠨ 《 ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠳᠤᠮᠳᠠᠳᠤ ᠤᠯᠤᠰ ᠤᠨ ᠣᠨᠴᠠᠯᠢᠭ ᠪᠥᠬᠦᠶ ᠣᠳᠣᠬᠢᠴᠢᠯᠠᠯᠲᠠ ᠶᠢᠨ ᠡᠭᠦᠷᠭᠡ ᠶᠢ ᠵᠣᠷᠢᠭᠲᠠᠶ ᠡᠭᠦᠷᠭᠡᠯᠡᠬᠦ 》 ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/29
      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠦᠬᠦ ᠪᠠᠯᠭᠠᠰᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠤᠶᠢᠯᠠᠭᠤᠯᠵᠤ᠂ ᠵᠣᠷᠢᠭ ᠰᠠᠨᠠᠭᠠᠨ ᠤ ᠮᠥᠨ ᠴᠢᠨᠠᠷ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠨᠠᠮ ᠤᠨ ᠣᠨᠣᠯ ᠦᠨᠳᠦᠰᠦᠨ ᠱᠠᠲᠤᠨ ᠳᠤ ᠦᠨᠳᠦᠰᠦᠯᠡᠨ ᠨᠠᠬᠢᠶᠠᠯᠠᠬᠤ ᠶᠢ ᠪᠠᠲᠤᠯᠠᠬᠤ  ᠶᠢᠨ ᠳᠤᠰᠠᠳᠠ᠂ 9 ᠰᠠᠷ᠎ᠠ ᠶᠢᠨ 11 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠳᠠᠭᠠᠭᠠᠴᠢᠯᠠᠨ ᠬᠠᠷᠢᠯᠴᠠᠬᠤ  ᠳᠠᠭᠤᠳᠤᠨᠠᠭᠤᠷ ᠪᠠᠯᠭᠠᠰᠤᠨ ᠤ ᠪᠠᠶᠠᠨᠳᠤᠭ ᠭᠠᠴᠠᠭ᠎ᠠ  ᠳᠤ ᠭᠦᠨᠵᠡᠭᠡᠶᠢᠷᠡᠨ 《 ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ  ᠶᠢ ᠭᠦᠨᠵᠡᠭᠡᠶ  ᠰᠤᠷᠤᠯᠴᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠡᠭᠦᠷᠭᠡ ᠶᠢ ᠵᠣᠷᠢᠭᠲᠠᠶ ᠡᠭᠦᠷᠭᠡᠯᠡᠬᠦ 》 ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ᠂ ᠬᠤᠰᠢᠭᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ         ᠪᠠᠶᠠᠷᠲᠤ᠂ ᠲᠥᠯᠥᠭᠡᠯᠡᠭᠴᠢ ᠶᠢᠨ ᠠᠵᠢᠯ ᠤᠨ ᠵᠥᠪᠯᠡᠯ ᠤᠨ ᠡᠷᠬᠢᠯᠡᠭᠴᠢ ᠰᠠᠷᠠᠨᠴᠣᠭᠲᠤ᠂ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠳ᠂ ᠭᠠᠴᠠᠭᠠᠨ ᠤ ᠪᠦᠬᠦ ᠨᠠᠮ ᠤᠨ ᠭᠡᠰᠢᠭᠦᠨ᠂ ᠬᠡᠰᠡᠭ ᠬᠤᠰᠢᠭᠤ ᠱᠠᠲᠤᠨ ᠤ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ  ᠃      ᠪᠠᠭᠠᠲᠤᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ  ᠤᠨ ᠵᠣᠷᠢᠭ ᠰᠠᠨᠠᠭᠠᠨ ᠤ ᠲᠣᠭᠤᠷᠢᠨ ᠳᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠵᠤ᠂ ᠪᠥᠬᠦᠳᠡ ᠬᠤᠷᠠᠯ  ᠠᠴᠠ ᠳᠤᠷᠠᠳᠤᠭᠰᠠᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠷᠠᠯᠲᠠ ᠡᠭᠦᠷᠭᠡ᠂ ᠪᠠᠶᠢᠯᠳᠤᠬᠤ ᠪᠣᠳᠣᠯᠭ᠎ᠠ ᠶᠢᠨ ᠭᠤᠤᠯᠳᠠᠯᠭ᠎ᠠ᠂ ᠬᠡᠷᠡᠭᠵᠢᠭᠦᠯᠬᠦ ᠠᠷᠭ᠎ᠠ ᠵᠠᠮ ᠵᠡᠷᠭᠡ ᠶᠢᠨ ᠲᠤᠬᠠᠶ ᠭᠦᠨᠵᠡᠭᠡᠶ ᠤᠬᠠᠭᠤᠯᠤᠨ ᠲᠠᠶᠢᠯᠪᠤᠷᠢᠯᠠᠪᠠ᠃ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠪᠠᠯᠭᠠᠰᠤᠨ ᠤ ᠨᠠᠮ ᠤᠨ ᠬᠤᠷᠢᠶ᠎ᠠ᠂ ᠭᠠᠴᠠᠭᠠᠨ ᠤ ᠨᠠᠮ ᠤᠨ ᠡᠭᠦᠷ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠲᠠᠯ᠎ᠠ ᠪᠠᠷ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢᠨ ᠬᠠᠮᠲᠤ ᠵᠢᠯᠣᠭᠤᠳᠬᠤ ᠴᠢᠨᠠᠷᠲᠠᠶ ᠰᠠᠨᠠᠯ ᠳᠤᠷᠠᠳᠴᠠᠶ᠃      ᠪᠠᠭᠠᠲᠤᠷ ᠡᠷᠬᠢᠯᠡᠭᠴᠢ ᠴᠢᠬᠤᠯᠠᠴᠢᠯᠠᠭᠰᠠᠨ ᠨᠢ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠷᠠᠳ ᠲᠤ ᠠᠰᠢᠭ ᠬᠦᠷᠲᠡᠭᠡᠬᠦ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠥᠭᠡᠷᠡᠴᠢᠯᠡᠯᠲᠡ ᠬᠥᠭᠵᠢᠯᠲᠡ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠶᠢᠯᠠᠭᠠᠵᠤ᠂ ᠪᠣᠳᠠᠲᠠᠢ  ᠲᠠᠢ ᠤᠶᠠᠯᠳᠤᠭᠤᠯᠤᠨ ᠰᠢᠷᠭᠠᠭᠤ ᠪᠣᠳᠣᠯᠬᠢᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠠᠬᠢᠭᠤᠯᠬᠤ ᠬᠡᠷᠡᠭᠲᠡᠢ  ᠃ ᠭᠠᠴᠠᠭᠠᠨ  ᠤ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠰᠢᠨ᠎ᠡ ᠶᠢ ᠡᠭᠦᠳᠬᠦ ᠠᠷᠭ᠎ᠠ ᠵᠠᠮ ᠢ ᠢᠳᠡᠪᠬᠢᠲᠡᠢ ᠰᠦᠪᠡᠭᠴᠢᠯᠡᠨ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠮᠠᠯᠴᠢᠳ ᠤᠨ ᠣᠷᠣᠯᠭ᠎ᠠ ᠶᠢ  ᠨᠡᠮᠡᠭᠳᠡᠭᠦᠯᠬᠦ ᠬᠡᠷᠡᠭᠳᠡᠢ ᠭᠡᠪᠡ  ᠃
 
ᠢᠷᠡᠯᠲᠡ᠄ ᠲᠠᠭᠤᠳᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号