ᠮᠠᠨᠳᠤᠬᠤᠪᠤᠯᠠᠭ ᠪᠠᠯᠭᠠᠰᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠤᠯ ᠰᠡᠳᠦᠪᠲᠦ ᠺᠢᠨᠣ᠋ ᠰᠣᠨᠢᠷᠬᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/29
      2024 ᠣᠨ ᠤ 9 ᠰᠠᠷ᠎ᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 41 ᠳ᠋ᠦ᠋ᠭᠡᠷ ᠬᠤᠭᠤᠴᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠤᠨ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠢᠳᠡᠪᠬᠢ ᠬᠦᠴᠦᠨ ᠢ ᠤᠬᠠᠭᠤᠯᠤᠨ ᠳᠠᠮᠵᠢᠭᠤᠯᠵᠤ᠂ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠥᠯᠥᠭᠡ  ᠂ 9 ᠰᠠᠷ᠎ᠠ  ᠶᠢᠨ 26 ᠤ ᠡᠳᠦᠷ᠂ ᠮᠠᠨᠳᠤᠬᠤᠪᠤᠯᠠᠭ ᠪᠠᠯᠭᠠᠰᠤᠨ ᠤ ᠪᠥᠬᠦ ᠠᠵᠢᠯᠲᠠᠨ ᠵᠢᠴᠢ ᠭᠠᠴᠠᠭ᠎ᠠ ︵ᠨᠡᠶᠢᠭᠡᠮ ᠲᠣᠭᠤᠷᠢᠭ︶  ᠶᠢᠨ ︽ᠬᠤᠶᠠᠷ ᠵᠥᠪᠯᠡᠯ︾ ᠤᠨ ᠭᠡᠰᠢᠭᠦᠳ ᠬᠠᠮᠲᠤ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠤᠯ ᠰᠡᠳᠦᠪᠲᠦ ᠺᠢᠨᠣ᠋ ︽ᠤᠯᠤᠰ ᠤᠨ ᠬᠡᠦᠬᠡᠳ︾ ᠢ ᠰᠤᠨᠢᠷᠬᠠᠨ᠂ ᠦᠨᠳᠦᠰᠦᠲᠡᠨ ᠨᠦᠭᠦᠳ ᠤᠨ ᠠᠬ᠎ᠠ ᠳᠡᠭᠦᠦ ᠮᠡᠲᠦ ᠳᠣᠲᠣᠨᠣ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠰᠠᠶᠢᠨ ᠰᠠᠶᠢᠬᠠᠨ ᠬᠠᠶᠢᠷ᠎ᠠ ᠰᠡᠳᠬᠢᠯᠭᠡ ᠶᠢ ᠭᠦᠨᠵᠡᠭᠡᠶ ᠣᠶᠢᠯᠠᠭᠠᠪᠠ᠃      ᠲᠤᠰ ᠺᠢᠨᠣ᠋ ᠨᠢ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠣᠷᠣᠵᠤ ᠢᠷᠡᠭᠰᠡᠨ︾  ᠢᠶᠠᠷ ᠰᠡᠳᠦᠪᠯᠡᠵᠦ᠂  ︽ᠠᠷᠠᠳ ᠤᠨ ᠵᠢᠱᠢᠶᠡᠴᠢ  ︾ ᠶᠢᠨ ᠢᠷᠠᠭᠤ ᠠᠯᠳᠠᠷ ᠤᠨ ᠴᠣᠯᠠ ᠭᠦᠷᠳᠡᠭᠰᠡᠨ ᠲᠠᠯ᠎ᠠ ᠨᠤᠲᠤᠭ ᠤᠨ ᠡᠵᠢ ᠲᠦᠬᠦᠶᠢᠮ᠎ᠡ ᠳᠡᠭᠡᠷ᠎ᠡ ᠵᠠᠭᠤᠨ ᠤ ᠵᠢᠷᠠᠭᠠᠳ ᠣᠨ ᠳᠤ ᠲᠦᠮᠡᠨ ᠪᠡᠷᠬᠡᠰᠢᠶᠡᠯ ᠢ ᠢᠯᠡᠨ ᠳᠠᠪᠠᠵᠤ 28 ᠥᠨᠥᠴᠢᠨ ᠬᠡᠦᠬᠡᠳ ᠢ ᠥᠰᠬᠡᠨ ᠪᠣᠶᠢᠵᠢᠭᠤᠯᠤᠭᠰᠠᠨ ᠦᠨᠡᠨ ᠪᠣᠳᠠᠲᠠᠶ ᠥᠯᠢᠭᠡᠷ ᠢᠶᠠᠷ ᠣᠭ ᠳᠦᠷᠢ ᠪᠣᠯᠭᠠᠵᠤ᠂ ᠰᠢᠨ᠎ᠡ ᠳᠤᠮᠳᠠᠳᠤ ᠤᠯᠤᠰ ᠤᠨ ᠬᠠᠮᠤᠭ ᠤᠨ ᠪᠡᠷᠬᠡ ᠬᠠᠲᠠᠭᠤᠵᠢᠯᠲᠠᠶ ᠴᠠᠭ ᠦᠶ᠎ᠡ ᠳᠤ᠂ ᠥᠪᠥᠷ ᠮᠣᠩᠭᠤᠯ ᠤᠨ ᠠᠷᠠᠳ ᠲᠦᠮᠡᠨ ᠥᠪᠡᠷ ᠤᠨ ᠬᠦᠴᠢᠷ ᠪᠡᠷᠬᠡᠰᠢᠶᠡᠯ ᠢᠶᠠᠨ ᠢᠯᠡᠨ ᠳᠠᠪᠠᠵᠤ᠂ ᠱᠠᠩᠬᠠᠶ ᠠᠴᠠ ᠢᠷᠡᠭᠰᠡᠨ ᠥᠨᠥᠴᠢᠨ ᠬᠡᠦᠬᠡᠳ ᠢ ᠭᠤᠷᠪᠠᠨ ᠮᠢᠩᠭᠠᠨ ᠬᠥᠮᠦᠨ ᠥᠰᠬᠡᠨ ᠬᠥᠮᠦᠵᠢᠭᠦᠯᠦᠭᠰᠡᠨ ᠦᠨᠡᠨ ᠪᠣᠳᠠᠲᠠᠶ ᠬᠡᠷᠡᠭ ᠶᠠᠪᠤᠳᠠᠯ ᠢ ᠶᠠᠷᠢᠪᠠ᠃      ᠺᠢᠨᠣ᠋ ᠦᠵᠡᠵᠦ ᠳᠠᠭᠤᠰᠤᠭᠰᠠᠨ ᠤ ᠳᠠᠷᠠᠭ᠎ᠠ᠂ ᠺᠢᠨᠣ᠋ ᠦᠵᠡᠭᠰᠡᠳ ᠺᠢᠨᠣ᠋ ᠳᠤ ᠢᠯᠡᠷᠡᠭᠦᠯᠦᠭᠰᠡᠨ ᠡᠭᠡᠯ ᠪᠣᠷᠣᠭᠵᠢᠭᠤᠨ ᠠᠷᠠᠳ ᠤᠨ ᠰᠤᠷᠲᠠᠯ ᠪᠠ ᠭᠤᠶᠠᠴᠢ ᠦᠭᠡᠢ ᠶᠡᠭᠡ ᠬᠠᠶᠢᠷ᠎ᠠ ᠳᠤ ᠰᠡᠳᠬᠢᠯ ᠳᠣᠭᠳᠣᠯᠵᠤ᠂ ᠡᠨᠡ ᠬᠦ ᠳᠣᠭᠳᠣᠯᠤᠯ ᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠠᠷᠢᠶ᠎ᠠ ᠣᠷᠣᠨ ᠤ ᠪᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠭᠢᠭᠤᠯᠤᠨ᠎ᠠ ᠭᠡᠵᠡᠭᠡᠪᠡ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号