ᠮᠠᠨᠳᠤᠬᠤᠪᠤᠯᠠᠭ ᠰᠤᠷᠭᠠᠭᠤᠯᠢ ᠬᠢᠭᠡᠳ ᠳᠡᠭᠦᠯᠢᠴᠢ ᠨᠡᠶᠢᠭᠡᠮ ᠲᠣᠭᠤᠷᠢᠭ ︽ᠬᠠᠶᠢᠷ᠎ᠠ ᠰᠡᠳᠬᠢᠯᠭᠡ ᠬᠠᠯᠠᠮᠵᠢ ᠪᠠᠨ ᠡᠷᠭᠦᠵᠦ᠂  ᠬᠠᠪᠰᠤᠷᠤᠨ ᠳᠡᠳᠬᠦᠵᠦ ᠦᠨᠡᠨ ᠰᠡᠳᠬᠢᠯᠭᠡ ᠪᠠᠨ ᠢᠯᠡᠷᠡᠭᠦᠯᠬᠦ ᠳᠤ ᠬᠦᠴᠦᠨ ᠨᠡᠮᠡᠷᠢᠯᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/29
      9 ᠰᠠᠷ᠎ᠠ ᠶᠢᠨ 24 ᠤ ᠡᠳᠦᠷ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠨᠢᠭᠡᠨᠲᠡ ᠥᠩᠭᠡᠷᠡᠵᠦ᠂ ᠠᠭᠠᠵᠢᠮ ᠢᠶᠠᠷ ᠨᠠᠮᠤᠷ ᠤᠨ ᠰᠡᠭᠦᠯᠴᠢ ᠪᠣᠯᠵᠤ᠂ ᠠᠭᠤᠷ ᠠᠮᠢᠰᠬᠤᠯ ᠬᠦᠢᠲᠡᠷᠡᠨ᠂ ᠨᠡᠶᠢᠭᠡᠮ ᠲᠣᠭᠤᠷᠢᠭ ᠤᠨ ᠬᠦᠴᠢᠷᠳᠡᠯᠲᠡᠢ ᠭᠡᠷ ᠪᠦᠯᠢ ᠶᠢ ᠬᠠᠪᠰᠤᠷᠤᠨ ᠳᠤᠯᠠᠭᠠᠨ ᠡᠪᠦᠯ ᠢ ᠥᠩᠭᠡᠷᠡᠭᠦᠯᠬᠦ ᠶᠢᠨ ᠲᠥᠯᠥᠭᠡ᠂ ᠮᠠᠨᠳᠤᠬᠤᠪᠤᠯᠠᠭ ᠰᠤᠷᠭᠠᠭᠤᠯᠢ ᠬᠢᠭᠡᠳ ᠳᠡᠭᠦᠯᠢᠴᠢ ᠨᠡᠶᠢᠭᠡᠮ ᠲᠣᠭᠤᠷᠢᠭ ︽ᠬᠠᠶᠢᠷ᠎ᠠ ᠬᠠᠯᠠᠮᠵᠢ ᠪᠠᠨ ᠡᠷᠭᠦᠵᠦ᠂ ᠬᠠᠪᠰᠤᠷᠤᠨ ᠳᠡᠳᠬᠦᠵᠦ ᠦᠨᠡᠨ ᠰᠡᠳᠬᠢᠯᠭᠡ ᠪᠠᠨ ᠢᠯᠡᠷᠡᠭᠦᠯᠬᠦ ᠳᠤ ᠬᠦᠴᠦᠨ ᠨᠡᠮᠡᠷᠢᠯᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃      ᠨᠡᠶᠢᠭᠡᠮ ᠲᠣᠭᠤᠷᠢᠭ ᠤᠨ ᠬᠥᠳᠡᠯᠭᠡᠭᠡᠨ ᠤ ᠭᠡᠷ ᠳᠣᠲᠣᠷ᠎ᠠ ᠶᠠᠭ ᠰᠠᠶᠢᠬᠠᠨ ᠨᠢᠭᠡᠨ ᠤᠳᠠᠭᠠᠨ ᠤ ᠬᠠᠶᠢᠷ᠎ᠠ ᠬᠠᠯᠠᠮᠵᠢ ᠪᠠᠷ ᠪᠢᠯᠬᠠᠮ᠎ᠠ ᠬᠥᠳᠡᠯᠭᠡᠭᠡᠨ ᠶᠠᠪᠤᠭᠳᠠᠵᠤ ᠪᠠᠶᠢᠯ᠎ᠠ᠃ ᠮᠠᠨᠳᠤᠬᠤᠪᠤᠯᠠᠭ ᠰᠤᠷᠭᠠᠭᠤᠯᠢ ᠪᠣᠯᠣᠨ ᠳᠡᠭᠦᠯᠢᠴᠢ ᠨᠡᠶᠢᠭᠡᠮ ᠲᠣᠭᠤᠷᠢᠭ ᠤᠨ ᠠᠵᠢᠯᠲᠠᠳ ᠰᠤᠷᠭᠠᠭᠤᠯᠢ ᠶᠢᠨ ᠪᠠᠭᠰᠢ ᠶᠢᠨ ᠪᠡᠯᠡᠭᠯᠡᠨ ᠬᠦᠷᠭᠡᠭᠰᠡᠨ ᠬᠤᠪᠴᠠᠰᠤ ᠬᠤᠨᠠᠷ᠂ ᠬᠥᠨᠵᠢᠯᠡ ᠳᠡᠪᠢᠰᠬᠡᠷ᠂ ᠪᠡᠭᠡᠯᠡᠢ ᠵᠡᠷᠭᠡ ᠡᠪᠦᠯ ᠤᠨ ᠬᠤᠪᠴᠠᠰᠤ ᠡᠮᠦᠰᠭᠡᠯ ᠢ ᠳᠡᠭᠦᠯᠢᠴᠢ ᠨᠡᠶᠢᠭᠡᠮ ᠲᠣᠭᠤᠷᠢᠭ ᠤᠨ ᠬᠥᠳᠡᠯᠭᠡᠭᠡᠨ ᠤ ᠲᠠᠰᠤᠭ ᠲᠤ ᠬᠠᠪᠰᠤᠷᠤᠯᠭ᠎ᠠ ᠬᠡᠷᠡᠭᠴᠡᠭᠡ ᠲᠠᠢ ᠰᠠᠭᠤᠭᠠᠯᠢ ᠠᠷᠠᠳ ᠲᠤ ᠬᠦᠷᠭᠡᠵᠡᠢ᠃ ᠨᠡᠶᠢᠭᠡᠮ ᠲᠣᠭᠤᠷᠢᠭ ᠪᠣᠯᠣᠨ ᠰᠤᠷᠭᠠᠭᠤᠯᠢ ᠶᠢᠨ ᠬᠢᠨ ᠡᠨᠡ ᠤᠳᠠᠭᠠᠨ ᠤ ᠬᠥᠳᠡᠯᠭᠡᠭᠡᠨ ᠢᠶᠠᠷ ᠳᠠᠮᠵᠢᠨ ᠨᠡᠩ ᠤᠯᠠᠨ ᠶᠠᠳᠠᠭᠤ ᠬᠦᠴᠢᠷᠳᠡᠯᠲᠡᠢ ᠡᠷᠦᠬᠡ ᠳᠤ ᠡᠪᠦᠯ ᠤᠨ ᠡᠳᠦᠷ ᠤᠨ ᠬᠠᠯᠠᠭᠤᠨ ᠳᠤᠯᠠᠭᠠᠨ ᠢ ᠠᠪᠴᠢᠷᠠᠬᠤ ᠶᠢ ᠬᠦᠰᠡᠵᠦ ᠪᠠᠶᠢᠨ᠎ᠠ᠃ ᠮᠥᠨ ᠴᠦ ᠲᠤᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠬᠠᠶᠢᠷ᠎ᠠ ᠬᠠᠯᠠᠮᠵᠢ ᠪᠢᠯᠬᠠᠭᠰᠠᠨ ᠬᠥᠮᠥᠰ ᠲᠤ ᠲᠠᠯᠠᠷᠬᠠᠵᠤ ᠪᠠᠶᠢᠬᠤ ᠪᠠᠨ ᠢᠯᠡᠳᠭᠡᠵᠦ ᠪᠠᠶᠢᠨ᠎ᠠ᠃      ᠲᠣᠰ ᠤᠳᠠᠭᠠᠨ ᠤ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠪᠠᠷ ᠳᠠᠮᠵᠢᠭᠤᠯᠤᠨ ᠨᠡᠶᠢᠭᠡᠮ ᠲᠣᠭᠤᠷᠢᠭ᠂ ᠰᠤᠷᠭᠠᠭᠤᠯᠢ ᠪᠣᠯᠣᠨ ᠰᠠᠭᠤᠭᠠᠯᠢ ᠠᠷᠠᠳ ᠤᠨ ᠬᠤᠭᠤᠷᠣᠨᠳᠣᠬᠢ ᠵᠠᠢ ᠶᠢ ᠬᠦᠴᠦᠲᠡᠢ ᠣᠶᠢᠷᠠᠲᠤᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠵᠠᠷᠢᠮ ᠪᠣᠳᠠᠲᠠᠢ ᠠᠰᠠᠭᠤᠳᠠᠯ ᠢ ᠦᠨᠡᠨᠬᠦ ᠬᠠᠪᠰᠤᠷᠤᠨ ᠰᠢᠢᠳᠪᠦᠷᠢᠯᠡᠵᠦ ᠥᠭᠭᠦᠭᠰᠡᠨ ᠪᠠᠶᠢᠨ᠎ᠠ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号