《ᠪᠡᠶ᠎ᠡ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ 》ᠠᠩᠬᠠᠳᠤᠭᠠᠷ ᠬᠤᠭᠤᠴᠠᠭᠠᠨ ᠤ ᠪᠦᠬᠦ ᠠᠶᠢᠮᠠᠭ ᠤᠨ ᠡᠭᠦᠳᠡᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠮᠠᠨ ᠤ ᠬᠤᠰᠢᠭᠤᠨ ᠳᠤ ᠲᠡᠭᠦᠰ ᠠᠮᠵᠢᠯᠲᠠ ᠲᠠᠢ ᠦᠨᠳᠦᠷᠯᠡᠪᠡ
ᠨᠡᠶᠢᠲᠡᠯᠡᠭᠰᠡᠨ ᠴᠠᠭ᠄
2024/9/4
      8 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠠᠬᠢᠭᠤᠯᠬᠤ ᠲᠥᠪ᠂ ᠬᠦᠷᠢᠶᠡᠲᠦᠨᠠᠭᠤᠷ ᠰᠤᠮᠤ ᠶᠢᠨ ᠠᠯᠳ᠋ᠬᠠᠮᠡᠭᠡᠯ ᠭᠠᠴᠠᠭ᠎ᠠ ᠪᠣᠯᠤᠨ ᠬᠤᠰᠢᠭᠤ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠠᠴᠠ ᠬᠠᠮᠲᠤᠷᠠᠨ ᠡᠷᠭᠢᠯᠡᠭᠰᠡᠨ 2024 ᠣᠨ ᠤ《 ᠪᠡᠶ᠎ᠡ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ 》ᠠᠩᠬᠠᠳᠤᠭᠠᠷ ᠬᠤᠭᠤᠴᠠᠭᠠᠨ ᠤ ᠪᠥᠬᠦ ᠠᠶᠢᠮᠠᠭ ᠤᠨ ᠡᠭᠦᠳᠡᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠮᠠᠨ ᠤ ᠬᠤᠰᠢᠭᠤᠨ ᠤ ᠨᠠᠰᠤᠲᠠᠶᠢᠴᠤᠳ ᠤᠨ ᠬᠥᠳᠡᠯᠭᠡᠭᠡᠨ ᠤ ᠲᠥᠪ ᠲᠤ ᠶᠠᠪᠤᠭᠳᠠᠪᠠ  ᠃      ᠰᠢᠯᠢ ᠶᠢᠨ ᠭᠤᠤᠯ ᠠᠶᠢᠮᠠᠭ ᠵᠢᠴᠢ ᠨᠥᠬᠦᠷᠰᠡᠭ ᠠᠶᠢᠮᠠᠭ ᠬᠤᠲᠠ ᠠᠴᠠ ᠢᠷᠡᠭᠰᠡᠨ 20 ᠡᠩᠨᠡᠭᠡ ᠶᠢᠨ ᠨᠡᠶᠢᠲᠡ 160 ᠭᠠᠷᠤᠶ ᠬᠥᠮᠦᠨ ᠲᠣᠰ ᠤᠳᠠᠭᠠᠨ ᠤ ᠤᠷᠤᠯᠳᠤᠭᠠᠨ ᠳᠤ ᠣᠷᠣᠯᠴᠠᠪᠠ᠃ ᠬᠤᠶᠠᠷ ᠡᠳᠦᠷ ᠤᠨ ᠤᠷᠤᠯᠳᠤᠭᠠᠨ ᠢᠶᠠᠷ ᠳᠠᠮᠵᠢᠨ᠂ ᠵᠠᠩ ᠪᠧᠢ ᠰᠢᠶᠠᠨ ᠤ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠲᠡᠷᠢᠭᠦᠯᠡᠵᠦ᠂ ᠰᠢᠯᠢ ᠶᠢᠨ ᠭᠤᠣᠯ ᠠᠶᠢᠮᠠᠭ ᠤᠨ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠵᠢᠴᠢ ᠵᠡᠭᠦᠨ ᠦᠵᠦᠮᠦᠴᠢᠨ ᠬᠤᠰᠢᠭᠤᠨ ᠤ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠲᠥᠯᠥᠭᠡᠯᠡᠭᠴᠢᠳ ᠤᠨ ᠠᠩᠭᠢ ᠬᠤᠶᠠᠳᠤᠭᠠᠷ ᠳᠡᠰ ᠤᠨ ᠱᠠᠩᠨᠠᠯ ᠬᠦᠷᠲᠡᠵᠦ᠂ ᠰᠢᠯᠢ ᠶᠢᠨ ᠭᠤᠣᠯ ᠠᠶᠢᠮᠠᠭ ᠤᠨ ᠡᠭᠦᠳᠡᠨ ᠪᠥᠮᠪᠦᠭᠡ ᠶᠢᠨ ᠨᠡᠶᠢᠭᠡᠮᠯᠢᠭ᠂ ᠤᠯᠠᠭᠠᠢ ᠬᠠᠮᠢᠶᠠᠷᠤᠯᠲᠠ ᠶᠢᠨ ᠤᠷᠤᠨ᠂ ᠰᠢᠯᠢᠩᠬᠤᠲᠠ ᠶᠢᠨ ᠡᠭᠦᠳᠡᠨ ᠪᠥᠮᠪᠦᠭᠡ ᠶᠢᠨ ᠠᠵᠢᠯ ᠤᠨ ᠵᠥᠪᠯᠡᠯ ᠤᠨ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠳᠡᠰ ᠤᠨ ᠱᠠᠩᠨᠠᠯ  ᠤᠯᠵᠠᠢ  ᠃      ᠤᠷᠤᠯᠳᠤᠭᠠᠨ ᠤ ᠲᠠᠯᠠᠪᠤᠷ ᠲᠤ᠂ ᠤᠷᠤᠯᠳᠤᠭᠠᠨ ᠳᠤ ᠣᠷᠣᠯᠴᠠᠭᠰᠠᠳ ᠨᠢᠭᠲᠠ ᠬᠠᠮᠵᠢᠯᠴᠠᠨ᠂ ᠪᠡᠶ᠎ᠡ ᠲᠠᠮᠢᠷ  ᠤᠨ ᠬᠥᠳᠡᠯᠭᠡᠭᠡᠨ ᠪᠠ ᠣᠶᠤᠨ ᠤ ᠮᠥᠷᠥᠶᠢᠴᠡᠭᠡᠨ ᠢ ᠲᠡᠭᠦᠰ ᠰᠠᠶᠢᠬᠠᠨ ᠤᠶᠠᠯᠳᠤᠭᠤᠯᠵᠤ᠂ ᠨᠠᠰᠤᠲᠠᠶᠢᠴᠤᠳ ᠤᠨ ᠢᠳᠡᠪᠬᠢᠲᠡᠶ ᠪᠠᠶᠠᠰᠤᠩᠭᠤᠶ᠂ ᠡᠷᠡᠭᠦᠯ ᠥᠭᠡᠳᠡᠷᠬᠡᠭ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠶᠴᠡᠳ ᠢᠯᠡᠷᠡᠭᠦᠯᠵᠡᠢ᠃      ᠤᠢᠢᠷ᠎ᠠ ᠶᠢᠨ ᠵᠢᠯ ᠳᠤ᠂ ᠡᠭᠦᠳᠡᠨ ᠪᠥᠮᠪᠦᠭᠡ ᠨᠢ ᠥᠷᠭᠡᠨ ᠤᠯᠠᠨ ᠢᠳᠡᠷ ᠥᠲᠡᠯᠦᠭᠡ ᠨᠠᠰᠤᠨ ᠤ ᠪᠡᠶ᠎ᠡ ᠲᠠᠮᠢᠷ  ᠲᠤ ᠪᠠᠭ᠋ᠠᠲᠠᠢ ᠬᠥᠮᠦᠰ ᠤᠨ ᠳᠤᠮᠳᠠ ᠲᠦᠭᠡᠮᠡᠯᠵᠢᠭᠰᠡᠨ ᠪᠡᠶ᠎ᠡ ᠲᠠᠮᠢᠷ ᠤᠨ ᠬᠥᠳᠡᠯᠭᠡᠭᠡᠨ ᠤ ᠲᠦᠷᠦᠯ ᠵᠦᠢᠯ ᠪᠣᠯᠤᠭᠰᠠᠨ  ᠤ ᠬᠤᠪᠢ ᠳᠤ᠂ ᠤᠯᠠᠮ ᠠᠴᠠ ᠤᠯᠠᠮ ᠢᠳᠡᠷ ᠥᠲᠡᠯᠦᠭᠡ ᠨᠠᠰᠤᠨ ᠤ ᠪᠡᠶ᠎ᠡ ᠲᠠᠮᠢᠷ ᠲᠤ ᠪᠠᠭ᠋ᠠᠲᠠᠢ ᠬᠥᠮᠦᠰ ᠤᠨ ᠬᠦᠷᠢᠶᠡᠯᠡᠯ ᠢ ᠣᠯᠵᠤ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠭᠰᠡᠨ ᠨᠢ ᠥᠷᠭᠡᠨ ᠣᠯᠠᠨ ᠨᠠᠰᠤᠲᠠᠶᠢᠴᠤᠳ ᠤᠨ ᠪᠡᠶ᠎ᠡ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠵᠤ᠂ ᠪᠥᠬᠦ ᠠᠶᠢᠮᠠᠭ ᠲᠤ ᠡᠭᠦᠳᠡᠨ ᠪᠥᠮᠪᠦᠭᠡ  ᠶᠢᠨ ᠬᠥᠳᠡᠯᠭᠡᠭᠡᠨ ᠢ ᠳᠡᠯᠭᠡᠷᠡᠭᠦᠯᠬᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠬᠤ ᠳᠤ ᠢᠳᠡᠪᠬᠢᠲᠡᠢ ᠦᠢᠯᠡᠳᠦᠯ ᠦᠵᠡᠭᠦᠯᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号