ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠨᠠᠷᠢᠨ ᠪᠢᠴᠢᠭᠡᠴᠢ ᠶᠢᠨ ᠬᠤᠶᠠᠳᠤᠭᠠᠷ ᠲᠠᠰᠤᠭ
ᠨᠡᠶᠢᠲᠡᠯᠡᠭᠰᠡᠨ ᠴᠠᠭ᠄
2024/9/5
     ᠵᠠᠰᠠᠭ ᠤᠨ ᠣᠷᠳᠣᠨ ᠤ ᠬᠤᠷᠠᠯᠳᠤᠭᠤᠯᠤᠭᠰᠠᠨ ᠪᠥᠬᠦ ᠬᠤᠰᠢᠭᠤᠨ ᠤ ᠴᠢᠨᠠᠷᠲᠠᠶ ᠬᠤᠷᠠᠯ᠂ ᠲᠧᠯᠸᠢᠰ ᠳ᠋ᠢᠶᠠᠩᠬᠤᠸᠠ ᠬᠤᠷᠠᠯ ᠤᠨ ᠶᠠᠪᠤᠳᠠᠯ ᠤᠨ ᠮᠡᠳᠡᠭᠳᠡᠯ᠂ ᠬᠤᠷᠠᠯ ᠤᠨ ᠲᠠᠯᠠᠪᠠᠶ ᠶᠢ ᠪᠠᠶᠢᠷᠢᠯᠠᠭᠤᠯᠬᠤ ᠪᠠ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠪᠢᠴᠢᠭ ᠮᠠᠲ᠋ᠧᠷᠢᠶᠠᠯ ᠬᠡᠪᠯᠡᠬᠦ ᠭᠡᠷ ᠢ ᠬᠠᠷᠢᠭᠤᠴᠠᠨ ᠬᠠᠮᠢᠶᠠᠷᠤᠨ᠎ᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠵᠣᠬᠢᠴᠠᠭᠤᠯᠤᠨ ᠦᠢᠯᠡᠴᠢᠯᠡᠬᠦ ᠪᠠ ᠮᠠᠲ᠋ᠧᠷᠢᠶᠠᠯ ᠤᠨ ᠡᠮᠬᠢᠳᠬᠡᠯ ᠢ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠪᠣᠯᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠲᠣᠭᠲᠠᠭᠠᠵᠤ ᠶᠠᠪᠤᠭᠤᠯᠤᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠪᠣᠯᠤᠨ ᠭᠤᠤᠯᠴᠢ ᠪᠠᠷ ᠥᠷᠢᠰᠥᠯᠳᠦᠭᠦᠯᠵᠦ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃ ᠵᠠᠰᠠᠭ ᠤᠨ ᠣᠷᠳᠣᠨ ᠪᠣᠯᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠲᠣᠭᠲᠠᠭᠰᠠᠨ ᠭᠡᠷ᠎ᠡ᠂ ᠬᠡᠯᠡᠯᠴᠡᠭᠡᠷ ᠵᠡᠷᠭᠡ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号