1 — 5 ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 42661 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 0.3% ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠲᠤ ᠵᠢᠷᠭᠤᠳᠤᠭᠠᠷ ᠪᠠᠶᠢᠷᠢᠨ ᠳᠤ ᠣᠷᠣᠵᠤ᠂ | ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠲᠤ 12 ᠳ᠋ᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ 4 | ᠳ᠋ᠦ᠋ᠭᠡᠷ ᠰᠠᠷ᠎ᠠ ᠶᠢᠨ ᠨᠡᠮᠡᠭᠳᠡᠯ ᠤᠨ ᠬᠤᠷᠳᠤᠴᠠ ᠠᠴᠠ 0.1 ᠵᠠᠭᠤᠨ ᠤ ᠨᠢᠭᠡᠴᠢ ᠥᠨᠳᠥᠷ ᠪᠣᠯᠪᠠ᠃ | ᠶᠡᠷᠦᠩᠬᠡᠶ ᠬᠡᠷᠡᠭᠯᠡᠭᠡ ᠠᠴᠠ ᠦᠵᠡᠪᠡᠯ᠂ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠤᠨ ᠬᠤᠪᠢᠶᠠᠷᠢᠯᠠᠯ | ᠶᠣᠰᠣᠭᠠᠷ᠂ ᠪᠥᠬᠦ ᠬᠤᠰᠢᠭᠤᠨ ᠤ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ | ᠲᠤᠭ᠎ᠠ 25495 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3% ᠪᠠᠷ | ᠨᠡᠮᠡᠭᠳᠡᠪᠡ︔ ᠮᠠᠯᠵᠢᠬᠤ ᠣᠷᠣᠨ ᠤ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 17166 | ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠪᠡ᠃ ᠬᠡᠷᠡᠭᠯᠡᠭᠡᠨ ᠤ | ᠲᠥᠷᠥᠯ ᠵᠦᠢᠯ ᠢᠶᠠᠷ ᠬᠤᠪᠢᠶᠠᠷᠢᠯᠠᠪᠠᠯ᠂ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ 25805 ᠲᠦᠮᠡᠨ ᠲᠥᠭᠦᠷᠢᠭ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.4% ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ | 16813 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠪᠡ᠃ | ᠶᠡᠷᠦᠩᠬᠡᠶ ᠳᠤᠨᠢ ᠠᠪᠴᠤ ᠦᠵᠡᠪᠡᠯ᠂ ᠰᠠᠭᠤᠭᠠᠯᠢ ᠠᠷᠠᠳ ᠤᠨ ᠠᠮᠢᠳᠤᠷᠠᠯ ᠤᠨ ᠲᠠᠰᠤᠷᠠᠯᠲᠠ ᠥᠬᠡᠶ | ᠳᠡᠭᠡᠭᠰᠢᠯᠡᠬᠦ ᠶᠢ ᠳᠠᠭᠠᠯᠳᠤᠨ᠂ ᠬᠤᠳᠠᠯᠳᠤᠭᠠᠴᠢᠳ ᠬᠡᠷᠡᠭᠯᠡᠭᠡᠨ ᠤ ᠦᠢᠯᠡᠳᠬᠦᠨ ᠪᠣᠯᠤᠨ ᠦᠢᠯᠡᠴᠢᠯᠡᠭᠡᠨ ᠤ ᠲᠠᠰ | ᠳᠡᠪᠰᠢᠬᠦ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠦᠢᠯᠡᠴᠢᠯᠡᠭᠡᠨ ᠤ ᠲᠥᠷᠥᠯ ᠤᠨ ᠬᠡᠷᠡᠭᠯᠡᠭᠡ ᠲᠦᠷᠭᠡᠳᠴᠦ᠂ | ᠬᠡᠷᠡᠭᠯᠡᠭᠡᠨ ᠤ ᠵᠦᠢᠯᠡᠰ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠰᠡᠷᠭᠦᠵᠦ᠂ ᠵᠠᠮ ᠬᠠᠷᠢᠯᠴᠠᠭ᠎ᠠ ᠪᠠᠷᠠᠭᠠᠨ ᠤ | ᠭᠦᠢᠯᠭᠡᠭᠡᠨ ᠤ ᠬᠤᠷᠳᠤᠴᠠ ᠦᠷᠭᠦᠯᠵᠢᠯᠡᠨ ᠲᠦᠷᠭᠡᠨ ᠨᠡᠮᠡᠭᠳᠡᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ | ᠶᠠᠭ ᠪᠥᠬᠦ ᠲᠠᠯ᠎ᠠ ᠪᠠᠷ ᠰᠡᠷᠭᠦᠵᠦ᠂ ᠪᠥᠬᠦ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠢ ᠲᠣᠭᠲᠠᠭᠤᠨ ᠢᠶᠠᠷ | ᠬᠥᠭᠵᠢᠭᠦᠯᠬᠦ ᠦᠨᠳᠦᠰᠦᠨ ᠨᠥᠬᠦᠴᠡᠯ ᠬᠤᠪᠢᠷᠠᠭ᠎ᠠ ᠥᠬᠡᠶ᠂ ᠬᠡᠷᠡᠭᠯᠡᠭᠡᠨ ᠤ ᠪᠦᠲᠦᠴᠡ ᠶᠢ ᠰᠢᠯᠢᠳᠡᠭᠵᠢᠭᠦᠯᠦᠨ ᠳᠡᠰ | ᠳᠡᠪᠰᠢᠭᠦᠯᠬᠦ ᠰᠠᠶᠢᠨ ᠰᠠᠶᠢᠬᠠᠨ ᠪᠠᠶᠢᠳᠠᠯ ᠮᠥᠨ ᠬᠦ ᠦᠷᠭᠦᠯᠵᠢᠯᠡᠵᠦ ᠪᠠᠶᠢᠨ᠎ᠠ᠃ |