1 — 7 ᠰᠠᠷ᠎ᠠ ᠳᠤ᠂ ᠮᠠᠨ ᠤ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠳᠡᠭᠡᠷ᠎ᠡ ᠬᠠᠭᠠᠰ ᠵᠢᠯ ᠳᠤ | ᠲᠣᠭᠲᠠᠭᠤᠨ ᠬᠥᠭᠵᠢᠯᠲᠡ ᠶᠢᠨ ᠪᠠᠶᠢᠳᠠᠯ ᠢᠶᠠᠷ ᠦᠷᠭᠦᠯᠵᠢᠯᠡᠵᠦ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 57326 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 0.3% ᠪᠠᠷ ᠨᠡᠮᠡᠭᠳᠡᠪᠡ᠃ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠤᠨ | ᠵᠢᠷᠭᠤᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 11 ᠳ᠋ᠤᠭᠠᠷ ᠲᠤ ᠣᠷᠣᠵᠤ᠂ | ᠨᠡᠮᠡᠭᠳᠡᠯ ᠤᠨ ᠬᠤᠷᠳᠤᠴᠠ ᠨᠢ 1— 6 ᠳ᠋ᠤᠭᠠᠷ ᠰᠠᠷ᠎ᠠ ᠶᠢᠨ ᠬᠢ ᠠᠴᠠ ᠨᠢᠭᠡ ᠳᠡᠰ ᠳᠡᠭᠡᠭᠰᠢᠯᠡᠪᠡ᠃ | ᠨᠢᠭᠡ᠂ ᠡᠵᠡᠩᠨᠡᠯᠲᠡ ᠶᠢᠨ ᠭᠠᠵᠠᠷ ᠪᠠ ᠬᠡᠷᠡᠭᠯᠡᠭᠡᠨ ᠤ ᠲᠦᠷᠦᠯ ᠵᠦᠢᠯ ᠢᠶᠠᠷ ᠬᠤᠪᠢᠶᠠᠷᠢᠯᠠᠬᠤ ᠳᠤ ᠨᠡᠮᠡᠭᠳᠡᠯ ᠤᠨ | ᠬᠤᠷᠳᠤᠴᠠ ᠲᠣᠭᠲᠠᠭᠤᠨ ᠪᠠᠶᠢᠪᠠ | ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠠᠴᠠ ᠦᠵᠡᠪᠡᠯ᠂ ᠪᠥᠬᠦ ᠬᠤᠰᠢᠭᠤᠨ ᠤ ᠬᠤᠲᠠ | ᠪᠠᠯᠭᠠᠰᠤᠨ ᠤ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 36347 ᠲᠦᠮᠡᠨ ᠲᠥᠭᠦᠷᠢᠭ ᠲᠤ | ᠬᠦᠷᠴᠦ᠂ 0.3% ᠪᠠᠷ ᠨᠡᠮᠡᠭᠳᠡᠨ᠂ ᠮᠠᠯᠵᠢᠬᠤ ᠣᠷᠣᠨ ᠤ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ | ᠬᠡᠮᠵᠢᠶ᠎ᠡ 20979 ᠲᠦᠮᠡᠨ ᠲᠥᠭᠦᠷᠢᠭ ᠲᠤ ᠬᠦᠷᠴᠦ᠂ 0.3% ᠪᠠᠷ ᠨᠡᠮᠡᠭᠳᠡᠪᠡ︔ ᠬᠡᠷᠡᠭᠯᠡᠭᠡᠨ ᠤ ᠬᠡᠯᠪᠡᠷᠢ ᠠᠴᠠ | ᠠᠪᠴᠤ ᠦᠵᠡᠪᠡᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 35601 ᠲᠦᠮᠡᠨ ᠲᠥᠭᠦᠷᠢᠭ ᠲᠤ | ᠬᠦᠷᠴᠦ᠂ 0.2% ᠢᠶᠠᠷ ᠨᠡᠮᠡᠭᠳᠡᠨ᠂ ᠢᠳᠡᠭᠡᠨ ᠤᠮᠳᠠᠭᠠᠨ ᠤ ᠣᠷᠣᠯᠭ᠎ᠠ 21725 ᠲᠦᠮᠡᠨ ᠲᠥᠭᠦᠷᠢᠭ ᠲᠤ | ᠬᠦᠷᠴᠦ᠂ 0.5% ᠪᠠᠷ ᠨᠡᠮᠡᠭᠳᠡᠪᠡ᠃ | ᠬᠤᠶᠠᠷ᠂ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠪᠥᠭᠡᠮ ᠢᠶᠠᠷ ᠪᠤᠷᠤᠯᠠᠭᠤᠯᠬᠤ ᠪᠠ ᠬᠤᠨᠤᠭ ᠪᠠᠭᠤᠳᠠᠯ | ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠨᠢ ᠨᠡᠯᠢᠶᠡᠳ ᠲᠦᠷᠭᠡᠨ ᠪᠠᠶᠢᠪᠠ | ᠪᠦᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠪᠦᠬᠡᠮ ᠢᠶᠠᠷ ᠬᠤᠳᠠᠯᠳᠤᠬᠤ ᠦᠢᠯᠡᠰ ᠪᠠ | ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ 5676 ᠲᠦᠮᠡᠨ ᠲᠦᠬᠦᠷᠢᠭ ᠪᠡᠶᠡᠯᠡᠬᠦᠯᠵᠦ᠂ ᠠᠳᠠᠯᠢ | ᠬᠤᠭᠤᠴᠠᠭᠠᠨ ᠤ ᠬᠢ ᠠᠴᠠ 3.9% ᠨᠡᠮᠡᠭᠳᠡᠪᠡ᠃ ᠪᠥᠭᠡᠮ ᠢᠶᠠᠷ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ | ᠬᠡᠮᠵᠢᠶ᠎ᠡ 3231 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.5% ᠪᠠᠷ | ᠨᠡᠮᠡᠭᠳᠡᠨ᠂ ᠵᠢᠵᠢᠭᠯᠡᠨ ᠬᠤᠳᠠᠯᠳᠤᠬᠤ ᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 1622 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.6% ᠪᠠᠷ ᠪᠠᠭᠤᠷᠠᠪᠠ︔ ᠬᠤᠨᠤᠭ ᠪᠠᠭᠤᠳᠠᠯ | ᠢᠳᠡᠭᠡᠨ ᠤᠮᠳᠠᠭᠠᠨ ᠤ ᠦᠢᠯᠡᠰ 823 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 16.4% ᠪᠠᠷ ᠨᠡᠮᠡᠭᠳᠡᠪᠡ᠂ ᠡᠭᠦᠨ ᠳᠤ ᠬᠤᠨᠤᠭ ᠪᠠᠭᠤᠳᠠᠯ ᠤᠨ ᠣᠷᠣᠯᠭ᠎ᠠ 365 ᠲᠦᠮᠡᠨ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠨ᠂ ᠢᠳᠡᠭᠡᠨ ᠤᠮᠳᠠᠭᠠᠨ ᠤ ᠣᠷᠣᠯᠭ᠎ᠠ 458 | ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.0% ᠪᠠᠷ ᠨᠡᠮᠡᠭᠳᠡᠪᠡ᠃ | ᠭᠤᠷᠪᠠ᠂ ᠬᠡᠷᠡᠭᠯᠡᠭᠡᠨ ᠤ ᠬᠠᠯᠠᠭᠤᠨ ᠴᠢᠭ ᠤᠨ ᠬᠤᠪᠢᠷᠠᠯᠲᠠ ᠶᠢᠨ ᠪᠠᠶᠢᠳᠠᠯ | 1 — 7 ᠰᠠᠷ᠎ᠠ ᠳᠤ᠂ ᠬᠢᠵᠠᠭᠠᠷᠯᠠᠭᠰᠠᠨ ᠲᠤᠭ᠎ᠠ ᠶᠢᠨ ᠨᠢᠭᠡᠴᠡ ᠲᠠᠸᠠᠷ ᠤᠨ ᠵᠢᠵᠢᠭᠯᠡᠨ ᠬᠤᠳᠠᠯᠳᠤᠬᠤ | ᠲᠤᠭ᠎ᠠ ᠳᠤ᠂ ᠲᠠᠪᠤᠨ ᠲᠠᠸᠠᠷ ᠤᠨ ᠲᠥᠷᠥᠯ ᠢᠯᠭᠠᠯ ᠤᠨ ᠭᠤᠷᠪᠠ ᠶᠢ ᠨᠡᠮᠡᠭᠳᠡᠭᠦᠯᠵᠦ ᠬᠤᠶᠠᠷ ᠢ ᠪᠠᠭᠤᠷᠠᠭᠤᠯᠤᠨ᠂ | ᠲᠣᠰ ᠲᠣᠰ ᠡᠳᠦᠷ ᠲᠤᠲᠤᠮ ᠤᠨ ᠬᠡᠷᠡᠭᠯᠡᠭᠡᠨ ᠤ ᠵᠦᠢᠯ 3.4% ᠪᠠᠷ ᠨᠡᠮᠡᠭᠳᠡᠵᠦ᠂ ᠠᠮᠤ ᠲᠣᠰᠣ᠂ ᠢᠳᠡᠭᠡᠨ ᠤ | ᠲᠥᠷᠥᠯ 4.1% ᠪᠠᠷ ᠨᠡᠮᠡᠭᠳᠡᠵᠦ᠂ ᠬᠤᠪᠴᠠᠰᠤ ᠬᠤᠨᠠᠷ᠂ ᠮᠠᠯᠠᠭᠠᠢ ᠱᠠᠬᠠᠶ᠂ ᠨᠡᠬᠡᠮᠡᠯ ᠤᠨ ᠲᠥᠷᠥᠯ 26. | 2% ᠢᠶᠠᠷ ᠨᠡᠮᠡᠭᠳᠡᠵᠦ᠂ ᠠᠷᠢᠬᠢ ᠲᠠᠮᠠᠬᠢᠨ ᠲᠥᠷᠥᠯ 25.5% ᠪᠠᠷ ᠪᠠᠭᠤᠷᠠᠵᠤ᠂ ᠤᠮᠳᠠᠭᠠᠨ ᠤ ᠲᠥᠷᠥᠯ 11. | 2% ᠢᠶᠠᠷ ᠪᠠᠭᠤᠷᠠᠪᠠ᠃ |