ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠶᠢᠮᠠᠭ ᠲᠠᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/5
      8 ᠰᠠᠷ᠎ᠠ ᠶᠢᠨ 22 ᠤᠨ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠶᠢᠮᠠᠭ ᠲᠡᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠰᠢᠭᠤᠨ ᠳᠤ ᠶᠠᠪᠤᠭᠳᠠᠪᠠ  ᠃              ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠠᠶᠢᠮᠠᠭ ᠤᠨ ᠨᠠᠮ ᠤᠨ ᠲᠡᠦᠬᠡ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠡᠷᠬᠢᠯᠡᠭᠴᠢ ᠯᠢ ᠵᠢᠶᠠᠨ ᠸᠧᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠡᠷᠬᠢᠯᠡᠨ ᠶᠠᠷᠢᠶ᠎ᠠ ᠲᠠᠯᠪᠢᠵᠤ᠂ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠮᠡᠳᠡᠭᠦᠯᠦᠯᠲᠡ ᠶᠢᠨ ᠬᠤᠷᠠᠯ ᠳᠡᠭᠡᠷ᠎ᠡ᠂ ᠯᠢ ᠵᠢᠶᠠᠨ ᠸᠧᠨ ︿︿ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠭᠡᠭᠵᠢᠭᠦᠯᠬᠦ ᠪᠥᠲᠥᠭᠡᠨ ᠪᠠᠶᠢᠭᠤᠯᠤᠯᠲᠠ ᠪᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠶᠯᠡᠰ ᠢ ᠪᠥᠬᠦ ᠲᠠᠯ᠎ᠠ ᠪᠠᠷ ᠳᠥᠯᠭᠢᠨ ᠠᠬᠢᠭᠤᠯᠤᠶ᠎ᠠ﹀﹀ ᠭᠡᠰᠡᠨ ᠭᠤᠤᠯ ᠰᠡᠳᠦᠪ ᠢᠶᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ᠂ ︿︿ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ﹀﹀ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ‌ᠠᠷᠭ᠎ᠠ ᠬᠡᠮᠵᠢᠶ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠶᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠳᠤᠮᠳᠠᠳᠤ ᠤᠯᠤᠰ  ᠤᠨ ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠶ᠎ᠡ᠂ ᠠᠶᠢᠮᠠᠭ ᠤᠨ ᠨᠠᠮ ᠤᠨ ᠬᠤᠷᠢᠶᠠᠨ ᠤ 2024 ᠣᠨ ᠤ ᠬᠤᠶᠠᠳᠤᠭᠠᠷ ᠤᠳᠠᠭᠠᠨ ᠤ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠵᠡᠷᠭᠡ ᠲᠠᠪᠤᠨ ᠲᠠᠯ᠎ᠠ ᠪᠠᠷ ᠭᠤᠤᠯᠳᠠᠯᠭ᠎ᠠ ᠲᠠᠢ ᠲᠠᠶᠢᠯᠤᠮᠵᠢ ᠬᠢᠪᠠ᠃ ᠬᠤᠷᠠᠯ ᠳᠤ ᠣᠷᠣᠯᠴᠠᠭᠰᠠᠨ ᠤᠳᠤᠷᠢᠳᠬᠤ ᠺᠠᠳ᠋ᠷᠴᠤᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠮᠡᠳᠡᠭᠦᠯᠦᠯᠲᠡ ᠨᠢ ᠪᠥᠬᠦ ᠲᠠᠯ᠎ᠠ ᠪᠠᠷ ᠰᠢᠰᠲ᠋ᠧᠮ ᠲᠠᠢ᠂ ᠭᠤᠤᠯᠳᠠᠯᠭ᠎ᠠ ᠪᠠᠷ ᠲᠣᠪᠣᠶᠢᠮ᠎ᠠ᠂ ᠭᠦᠨᠵᠡᠭᠡᠶ ᠪᠥᠭᠡᠳ ᠴᠢᠩᠭ᠎ᠠ ᠨᠢᠮᠪᠠᠶ᠂ ᠲᠥᠬᠦᠮ ᠣᠶᠢᠯᠠᠭᠠᠮᠵᠢᠲᠠᠶ ᠪᠠᠶᠢᠵᠤ᠂ ᠣᠨᠣᠯ ᠤᠨ ᠲᠠᠯ᠎ᠠ ᠪᠠᠷ ᠬᠤᠷᠢᠶᠠᠩᠭᠤᠶᠢᠯᠠᠭᠰᠠᠨ ᠮᠥᠷᠲᠡᠭᠡᠨ ᠦᠶᠯᠡᠳᠦᠯᠭᠡ ᠶᠢᠨ ᠲᠠᠯ᠎ᠠ ᠪᠠᠷ ᠴᠤ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠵᠤ᠂ ᠬᠤᠶᠢᠰᠢᠳᠠ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠶ ᠪᠥᠬᠦ ᠲᠠᠯ᠎ᠠ ᠪᠠᠷ ᠲᠤᠤᠱᠯᠠᠭᠤᠯᠬᠤ ᠳᠤ ᠠᠬᠢᠭᠤᠯᠬᠤ ᠦᠶᠯᠡᠳᠦᠯ ᠦᠵᠡᠭᠦᠯᠪᠡ ᠭᠡᠵᠡᠶ  ᠃      ᠵᠧᠦ ᠢᠦᠢ ᠯᠦᠩ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ  ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠶᠴᠡᠳ ᠲᠠᠨᠢᠬᠤ ᠬᠡᠷᠡᠭᠲᠡᠶ᠂ ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ ᠶᠢ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠬᠤ ᠶᠢ ᠨᠢᠭᠲᠠ ᠤᠶᠠᠯᠳᠤᠭᠤᠯᠵᠤ᠂ ᠭᠦᠨᠵᠡᠭᠡᠢ ᠰᠠᠶᠢᠨ ᠰᠤᠷᠴᠦ ᠡᠵᠡᠮᠰᠢᠨ᠂  ︿︿ᠬᠤᠶᠠᠷ ᠢ         ᠲᠣᠭᠲᠠᠭᠠᠬᠤ﹀﹀ ᠶᠢ ᠡᠷᠡᠰ ᠬᠦᠷᠢᠶᠡᠯᠡᠵᠦ᠂ ︿︿ᠬᠤᠶᠠᠷ ᠢ ᠬᠠᠮᠠᠭᠠᠯᠠᠬᠤ﹀﹀ ᠶᠢ ᠡᠷᠡᠰ ᠪᠡᠶᠡᠯᠡᠭᠦᠯᠦᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠪᠥᠬᠦᠳᠡ ᠬᠤᠷᠠᠯ  ᠤᠨ ᠵᠣᠷᠢᠭ ᠰᠠᠨᠠᠭ᠎ᠠ ᠶᠢ ᠪᠥᠬᠦ ᠬᠤᠰᠢᠭᠤᠨ ᠳᠤ ᠨᠠᠶᠢᠳᠠᠪᠦᠷᠢᠵᠢᠭ᠌ᠳᠠᠨ ᠦᠷ᠎ᠡ ᠳ᠋ᠥᠩ ᠳᠤ ᠬᠦᠷᠴᠦ᠂ ᠵᠡᠭᠦᠨ ᠦᠵᠦᠮᠦᠴᠢᠨ ᠬᠤᠰᠢᠭᠤᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠪᠡ᠃      ᠡᠨᠡ ᠬᠤᠭᠤᠴᠠᠭᠠᠨ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠰᠠ ᠮᠠᠨᠳᠤᠬᠤ ᠨᠡᠶᠢᠭᠡᠮ ᠲᠣᠭᠤᠷᠢᠭ  ᠲᠤ ᠭᠦᠨᠵᠡᠭᠡᠶᠢᠷᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠶ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠳᠤ ᠤᠬᠠᠭᠤᠯᠤᠨ ᠲᠠᠶᠢᠯᠪᠦᠷᠢᠯᠠᠵᠤ ᠰᠠᠨᠠᠯ ᠢᠶᠠᠨ ᠰᠣᠯᠢᠯᠴᠠᠵᠠᠢ᠃ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠢᠯᠡᠷᠬᠡᠶᠢᠯᠡᠬᠦ ᠳᠡᠭᠡᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠵᠤ᠂ ᠲᠣᠰ ᠪᠡᠶ᠎ᠡ  ᠶᠢᠨ ᠠᠵᠢᠯ ᠤᠨ ᠴᠢᠳᠠᠪᠤᠷᠢ ᠪᠠ ᠦᠶᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠢᠳᠡᠪᠬᠢᠲᠡᠶ ᠰᠦᠪᠡᠭᠴᠢᠯᠡᠵᠦ᠂ ᠣᠯᠠᠨ ᠲᠦᠮᠡᠨ ᠤ ᠪᠠᠴᠢᠮ ᠬᠦᠴᠢᠷᠳᠡᠯ ᠵᠣᠪᠠᠨᠢᠯ ᠬᠦᠰᠡᠯ ᠡᠷᠡᠮᠡᠯᠵᠡᠯ ᠤᠨ ᠠᠰᠠᠭᠤᠳᠠᠯ ᠢ ᠦᠨᠡᠨ ᠬᠦ ᠰᠠᠶᠢᠲᠤᠷ ᠰᠢᠶᠳᠪᠦᠷᠢᠯᠡᠨ᠎ᠡ ᠭᠡᠵᠡᠭᠡᠪᠡ  ᠃      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠤᠰᠢᠭᠤ ᠲᠡᠰ ‍ᠦᠨ‌ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠤᠰᠢᠭᠤ ᠨᠠᠮ ᠤᠨ ᠬᠤᠷᠢᠶᠠᠨ ᠤ ᠡᠯ᠎ᠡ ᠬᠡᠯᠲᠡᠰ ᠵᠥᠪᠯᠡᠯ ᠠᠯᠪᠠᠨ ᠬᠡᠷ ᠲᠣᠪᠴᠢᠶ᠎ᠠ᠂ ᠬᠤᠰᠢᠭᠤ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠶᠢᠨ ᠭᠤᠤᠯ ᠤᠳᠤᠷᠢᠳᠤᠯᠭ᠎ᠠ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠪᠠᠯᠭᠠᠰᠤᠨ ᠳᠠᠷᠤᠭ᠎ᠠ᠂ ᠤᠬᠠᠭᠤᠯᠬᠤ ᠭᠡᠰᠢᠭᠦᠨ ᠪᠣᠯᠤᠨ ᠨᠠᠮ ᠤᠨ ᠰᠤᠷᠭᠠᠭᠤᠯᠢ ᠶᠢᠨ ᠪᠠᠭᠰᠢ ᠵᠢᠴᠢ ᠤᠯᠢᠶᠠᠰᠤᠲᠠᠢ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号