︽ᠮᠢᠩᠭᠠᠨ ᠭᠠᠵᠠᠷ ᠤᠨ ᠬᠢᠯᠢ — ᠡᠵᠢ ᠨᠠᠭᠤᠷ ᠤᠨ ᠤᠶᠠᠩᠭ᠎ᠠ︾ ᠤᠷᠲᠤ ᠶᠢᠨ ᠳᠠᠭᠤᠤ ᠶᠢᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/9/5
      ᠦᠪᠦᠷ ᠮᠣᠩᠭᠤᠯ ᠤᠨ ᠡᠵᠢᠨᠠᠭᠤᠷ ᠳᠠᠪᠤᠰᠤᠨ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠣᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠭᠤᠣᠯᠯᠠᠨ ᠡᠷᠬᠢᠯᠡᠵᠦ᠂ ᠬᠤᠰᠢᠭᠤ ᠤᠷᠲᠤ ᠶᠢᠨ ᠳᠠᠭᠤᠤ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ ︽ᠮᠢᠩᠭᠠᠨ ᠭᠠᠵᠠᠷ ᠤᠨ ᠬᠢᠯᠢ— ᠡᠵᠢ ᠨᠠᠭᠤᠷ ᠤᠨ ᠤᠶᠠᠩᠭ᠎ᠠ︾ ᠤᠷᠲᠤ ᠶᠢᠨ ᠳᠠᠭᠤᠤ ᠶᠢᠨ ᠤᠷᠤᠯᠳᠤᠭᠠᠨ 8 ᠰᠠᠷ᠎ᠠ ᠶᠢᠨ 24  ᠤ ᠡᠳᠦᠷ ᠡᠵᠢᠨᠠᠭᠤᠷ ᠳᠠᠪᠤᠰᠤᠨ ᠲᠠᠯᠠᠪᠠᠢ ᠳᠤ ᠠᠮᠵᠢᠯᠲᠠ ᠲᠠᠢ ᠶᠠᠪᠤᠭᠳᠠᠯ᠎ᠠ᠃      ᠲᠤᠰ ᠤᠳᠠᠭᠠᠨ ᠤ ᠤᠷᠤᠯᠳᠤᠭᠠᠨ ᠢ ᠨᠠᠮ ᠤᠨ ᠬᠤᠷᠢᠳᠤᠭᠠᠷ ᠶᠡᠭᠡ ᠬᠤᠷᠠᠯ ᠪᠤᠯᠣᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠦᠷᠵᠢᠭᠤᠯᠵᠤ᠂ ᠰᠢ ᠶᠢᠨ ᠫᠢᠩ ᠶᠡᠷᠥᠩᠬᠡᠢ ᠱᠦᠵᠢ ᠶᠢᠨ ᠳᠤᠮᠳᠠᠳᠤ ᠶᠢᠨ ᠰᠢᠯᠢᠳᠡᠭ ᠤᠯᠠᠮᠵᠢᠯᠠᠯᠲᠦ ᠰᠣᠶᠣᠯ ᠢ ᠪᠠᠳᠠᠷᠠᠭᠤᠯᠬᠤ ᠲᠤᠬᠠᠢ ᠴᠢᠬᠤᠯᠠ ᠦᠭᠦᠯᠡᠯᠳᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠳᠡᠨ ᠤ ᠬᠠᠮᠲᠦ ᠶᠢᠨ ᠴᠤᠭᠴᠠ ᠶᠢᠨ ᠤᠬᠠᠮᠰᠠᠷ ᠢ ᠪᠠᠲᠦ ᠴᠤᠭᠴᠠᠯᠠᠨ᠂ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠦᠮᠦᠵᠢᠯ ᠢ ᠭᠦᠨᠵᠡᠭᠡᠶᠢᠷᠡᠭᠦᠯᠵᠦ᠂ ᠤᠷᠲᠤ ᠶᠢᠨ ᠳᠠᠭᠤᠤ ᠶᠢᠨ ᠰᠢᠯᠢᠳᠡᠭ ᠴᠢᠳᠠᠪᠦᠷᠢᠲᠠᠨ ᠢ ᠠᠭᠤᠳᠠᠯᠯᠠᠨ ᠬᠦᠮᠦᠵᠢᠭᠦᠯᠵᠦ᠂ ᠦᠨᠳᠦᠰᠦᠳᠡᠨ ᠤ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠬᠤ ᠵᠣᠷᠢᠯᠭ᠎ᠠ ᠪᠠᠷ ᠵᠣᠬᠢᠶᠠᠨ ᠪᠠᠶᠢᠭᠤᠯᠵᠤ ᠶᠠᠪᠤᠭᠳᠠᠭᠤᠯᠤᠭᠰᠠᠨ ᠶᠤᠮ᠃      ᠤᠷᠤᠯᠳᠤᠭᠠᠨ ᠳᠤ ᠪᠦᠬᠦ ᠬᠤᠰᠢᠭᠤᠨ ᠤ ᠡᠯ᠎ᠡ ᠰᠤᠮᠣ ᠪᠠᠯᠭᠠᠰᠣ ᠶᠢᠨ ᠣᠷᠲᠣ ᠶᠢᠨ ᠳᠠᠭᠤᠨ ᠳᠤ ᠪᠠᠭ᠋ᠠᠲᠠᠢ ᠠᠵᠢᠯ ᠤᠨ ᠴᠢᠯᠦᠭᠡᠨ ᠤ ᠤᠷᠲᠤ ᠶᠢᠨ ᠳᠠᠭᠤᠴᠢᠳ ᠨᠡᠷ᠎ᠡ ᠮᠡᠳᠡᠭᠦᠯᠦᠨ ᠤᠷᠤᠯᠴᠠᠵᠤ᠂ ᠤᠷᠤᠯᠳᠤᠭᠠᠨ ᠤ ᠠᠬᠤᠢ ᠲᠠᠯᠠᠪᠠᠢ ᠳᠤ ᠳᠠᠭᠤᠴᠢᠳ ᠮᠣᠷᠢᠨ ᠬᠤᠭᠤᠷ ᠤᠨ ᠠᠶᠠᠨ ᠤ ᠬᠠᠪᠰᠤᠷᠤᠯᠭ᠎ᠠ ᠲᠠᠢ ᠪᠠᠷ ᠣᠷᠲᠣ ᠶᠢᠨ ᠳᠠᠭᠤᠤ ᠪᠠᠨ ᠳᠠᠭᠤᠯᠠᠨ ᠰᠣᠨᠤᠷᠲᠠᠭᠤᠯᠵᠠᠢ᠃      ᠤᠷᠤᠯᠳᠤᠭᠠᠨ ᠤ ᠳ᠋ᠦᠩ ᠳᠤ᠂ ᠠᠯᠲᠠᠨᠬᠢᠯᠢ ᠰᠤᠮᠤ ᠶᠢᠨ ᠰᠠᠷᠠᠨ᠎ᠠ ᠲᠡᠷᠢᠭᠦᠯᠡᠵᠦ᠂ ᠰᠠᠮᠠᠢ ᠰᠣᠮᠣ ᠶᠢᠨ ᠳᠦᠭᠦᠷᠡᠩᠵᠠᠭᠠᠨ᠎ᠠ᠂ ᠬᠦᠷᠢᠶᠡᠲᠤᠨᠠᠭᠤᠷ ᠰᠤᠮᠤᠨ ᠤ ᠤᠷᠠᠨᠲᠠᠨ᠎ᠠ ᠬᠤᠶᠠᠳᠤᠭᠠᠷ ᠳᠡᠰ ᠲᠤ ᠤᠷᠤᠵᠤ᠂ ᠳᠠᠭᠤᠲᠤᠨᠠᠭᠤᠷ ᠪᠠᠯᠭᠠᠰᠣᠨ ᠤ ᠱᠤᠭᠠᠷ᠎ᠠ᠂ ᠰᠠᠮᠠᠢ ᠰᠣᠮᠣ ᠶᠢᠨ ᠰᠤᠮᠢᠶ᠎ᠠ᠂ ᠭᠠᠬᠢᠯ ᠰᠣᠮᠣ ᠶᠢᠨ ᠰᠠᠴᠣᠷᠠ ᠲᠣᠰ ᠲᠣᠰ ᠭᠤᠷᠪᠠᠳᠤᠭᠠᠷ ᠳᠡᠰ ᠲᠤ ᠰᠢᠯᠭᠠᠷᠠᠨ᠂ ᠪᠤᠶᠠᠨᠵᠢᠷᠭᠠᠯ᠂ ᠡᠷᠳᠡᠨᠢ᠂ ᠨᠠᠷᠠᠨᠮᠠᠨᠳᠣᠯ᠎ᠠ᠂ ᠲᠣᠶᠠᠭ᠎ᠠ᠂ ᠰᠧᠪᠡᠯ ᠨᠠᠷ ᠰᠢᠯᠢᠳᠡᠭ ᠳᠡᠰ ᠲᠤ ᠲᠣᠳᠣᠷᠠᠭᠰᠠᠨ ᠪᠠᠶᠢᠨ᠎ᠠ᠃      ᠲᠣᠰ ᠤᠳᠠᠭᠠᠨ ᠤ ᠤᠷᠤᠯᠳᠤᠭᠠᠨ ᠳᠤ ᠲᠡᠷᠢᠭᠦᠯᠡᠭᠰᠡᠨ ᠰᠠᠷᠠᠨ᠎ᠠ ᠬᠠᠷᠠᠬᠠᠨ ᠪᠠᠭ᠎ᠠ ᠠᠴᠠ ᠪᠠᠨ ᠤᠷᠲᠤ ᠶᠢᠨ ᠳᠠᠭᠤᠨ ᠳᠤ ᠪᠠᠭ᠋ᠠᠲᠠᠢ ᠪᠠᠶᠢᠵᠦ᠂ 2018 ᠣᠨ ᠠᠴᠠ ᠡᠬᠢᠯᠡᠨ ᠬᠤᠰᠢᠭᠤ ᠤᠷᠲᠤ ᠶᠢᠨ ᠳᠠᠭᠤᠤ ᠶᠢᠨ ᠨᠡᠶᠢᠭᠡᠮᠯᠢᠭ  ᠲᠤ ᠰᠢᠰᠲ᠋ᠧᠮ ᠲᠠᠢ ᠪᠠᠷ ᠰᠤᠷᠤᠯᠴᠠᠨ᠂ ᠤᠷᠲᠤ ᠶᠢᠨ ᠳᠠᠭᠤᠤ ᠶᠢᠨ ᠮᠡᠷᠭᠡᠵᠢᠯ ᠢᠶᠠᠨ ᠳᠡᠭᠡᠭᠰᠢᠯᠡᠭᠦᠯᠦᠨ᠂ ᠣᠯᠠᠨ ᠤᠳᠠᠭᠠᠨ ᠤ ᠣᠷᠤᠯᠳᠣᠭᠠᠨ ᠲᠡᠮᠡᠴᠡᠭᠡᠨ ᠳᠤ ᠣᠷᠣᠯᠴᠠᠵᠤ᠂ ᠡᠨᠡ ᠤᠳᠠᠭ᠎ᠠ ᠠᠩᠬ᠎ᠠ ᠤᠳᠠᠭ᠎ᠠ ᠪᠠᠨ ᠨᠢᠭᠡᠳᠦᠭᠡᠷ ᠳᠡᠰ ᠲᠤ ᠲᠣᠳᠣᠷᠠᠨ᠂ ᠮᠠᠰᠢ ᠶᠡᠭᠡ ᠳᠣᠭᠳᠣᠯᠣᠨ ᠪᠠᠶᠠᠷᠯᠠᠵᠤ ᠪᠠᠶᠢᠭ᠎ᠠ ᠰᠡᠳᠬᠢᠯᠭᠡ ᠪᠠᠨ ᠢᠯᠡᠳᠬᠡᠵᠦ ᠪᠠᠶᠢᠯ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号