4 ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2024/9/5
      2004 ᠣᠨ ᠤ 4 ᠰᠠᠷ᠎ᠠ ᠶᠢᠨ 2 ᠤᠨ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠤᠳᠠᠭᠠᠨ ᠤ ᠬᠤᠷᠠᠯ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ᠃ ᠬᠤᠰᠢᠭᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠤᠪᠴᠢᠶᠠᠨ ᠳᠠᠷᠤᠭ᠎ᠠ ᠺᠧ ᠰᠢᠶᠤᠤ ᠮᠢᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠰᠢᠶᠤᠤ ᠮᠢᠩ ᠬᠤᠷᠠᠯ ᠳᠤ ᠣᠷᠣᠯᠴᠠᠵᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠴᠢ ᠵᠢᠶᠦ᠋ᠨ ᠬᠤᠷᠠᠯ ᠢ ᠡᠷᠭᠢᠯᠡᠪᠡ᠃ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠲᠤᠰᠬᠠᠶ ᠵᠥᠪᠯᠡᠯ ᠵᠢᠴᠢ ᠬᠠᠮᠢᠶ᠎ᠠ ᠪᠥᠬᠦᠶ ᠳᠠᠭᠠᠭᠠᠨ ᠡᠷᠭᠢᠯᠡᠬᠦ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠤᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠳᠠᠭᠠᠭᠠᠨ ᠰᠢᠢᠳᠪᠦᠷᠢᠯᠡᠬᠦ ᠨᠢᠭᠡᠴᠡ ᠣᠳᠣᠬᠠᠨ ᠤ ᠠᠵᠢᠯ ᠤᠨ ᠰᠠᠭᠤᠷᠢᠨ ᠳᠡᠭᠡᠷ᠎ᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠵᠥᠪᠳᠡᠯᠴᠡᠭᠡ ᠪᠠᠨ ᠭᠦᠨᠵᠡᠭᠡᠶᠢᠷᠡᠭᠦᠯᠦᠨ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠠᠷᠢᠮᠵᠢᠶ᠎ᠠ ᠪᠠ ᠶᠠᠰᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠵᠡᠭᠦᠨ ᠦᠵᠦᠮᠦᠴᠢᠨ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠨᠢᠭᠲᠠᠷᠠᠭᠤᠯᠬᠤ ᠬᠡᠷᠡᠭᠲᠡᠶ ᠭᠡᠪᠡ᠃      4 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ ᠵᠢᠶᠠᠨ ᠬᠤᠷᠠᠯ ᠳᠤ ᠣᠷᠣᠯᠴᠠᠪᠠ᠃ ᠬᠤᠷᠠᠯ ᠠᠴᠠ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠵᠠᠷᠯᠠᠯ ᠢ ᠰᠣᠨᠣᠰᠤᠭᠰᠠᠨ ᠪᠥᠭᠡᠳ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠪᠠᠶᠢᠷᠢᠯᠠᠭᠤᠯᠤᠯᠲᠠ ᠬᠢᠪᠠ᠃ ᠬᠤᠷᠠᠯ ᠳᠡᠭᠡᠷ᠎ᠡ᠂ ᠬᠤᠩ ᠪᠥᠸᠧ ᠠᠭᠤᠷᠬᠠᠢ ᠶᠢᠨ ᠦᠢᠯᠡᠰ᠂ ᠱᠠᠨ ᠰᠢ ᠮᠤᠵᠢ ᠶᠢᠨ ᠢᠦᠢ ᠯᠢᠨ ᠤ ᠺᠠᠩ ᠯᠦᠩ ᠡᠨᠧᠷᠭᠢ ᠶᠢᠨ ᠰᠤᠷᠪᠤᠯᠵᠢ᠂ ᠱᠠᠨᠳᠦ᠋ᠩ ᠤᠨ ᠬᠤᠸᠠᠩ ᠶᠢᠨ ᠪᠦᠯᠦᠭᠯᠡᠯ ᠤᠨ ᠠᠷᠤᠬᠠᠳᠠ᠂ ᠷᠦᠩ ᠭᠤᠸᠠᠨ ᠠᠭᠤᠷᠬᠠᠢ ᠶᠢᠨ ᠦᠢᠯᠡᠰ᠂ ᠢᠦᠢ ᠲᠦᠩ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠶᠢᠨ ᠲᠠᠢ ᠠᠭᠤᠷᠬᠠᠢ ᠶᠢᠨ ᠦᠢᠯᠡᠰ ᠵᠡᠷᠭᠡ 6 ᠠᠵᠤ ᠠᠬᠤᠶᠢᠯᠠᠯ ᠤᠨ ᠬᠠᠷᠢᠭᠤᠴᠠᠯᠭᠠᠲᠠᠨ ᠶᠠᠷᠢᠶ᠎ᠠ ᠲᠠᠯᠪᠢᠨ᠂ ᠤᠯᠠᠨ ᠢᠶᠠᠷ ᠢᠶᠠᠨ ᠭᠤᠣᠯ ᠰᠡᠳᠦᠪ ᠲᠡᠭᠡᠨ ᠰᠢᠭᠤᠳ ᠬᠦᠷᠴᠦ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠵᠠᠳᠠᠯᠤᠨ᠂ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠴᠤ᠂ ᠬᠤᠰᠢᠭᠤ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢᠨ ᠲᠤᠬᠠᠢ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠪᠠ᠃ ᠬᠤᠷᠠᠯ ᠳᠤ ᠣᠷᠣᠯᠴᠠᠭᠰᠠᠨ ᠪᠤᠰᠤᠳ ᠠᠵᠤ ᠠᠬᠤᠶᠢᠯᠠᠯ ᠪᠢᠴᠢᠭ ᠤᠨ ᠬᠡᠯᠪᠡᠷᠢ ᠪᠠᠷ ᠣᠳᠣᠬᠠᠨ ᠤ ᠲᠣᠰ ᠲᠣᠰ ᠤᠨ ᠠᠵᠤ ᠠᠬᠤᠶᠢᠯᠠᠯ ᠤᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠬᠠᠷᠢᠭᠤ ᠮᠡᠳᠡᠭᠦᠯᠦᠯᠲᠡ ᠬᠢᠵᠦ ᠲᠣᠳᠣᠷᠬᠠᠶᠢᠯᠠᠯᠲᠠ ᠬᠢᠪᠠ᠃      4 ᠰᠠᠷ᠎ᠠ ᠶᠢᠨ 18 ᠤ ᠡᠳᠦᠷ᠂ ᠵᠡᠭᠦᠨ ᠦᠵᠦᠮᠦᠴᠢᠨ ᠬᠤᠰᠢᠭᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠨᠡᠶᠢᠳᠡᠮ ᠪᠠᠶᠢᠴᠠᠭᠠᠬᠤ ᠠᠵᠢᠯ ᠵᠢᠴᠢ 2024 ᠣᠨ ᠤ ᠪᠥᠬᠦ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ︵ᠲᠡᠤᠬᠡ ᠶᠢᠨ ᠳᠤᠷᠠᠰᠬᠠᠯᠲᠤ ᠵᠦᠢᠯᠡᠰ︶ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ ᠬᠤᠷᠠᠯ ᠢ ᠡᠷᠭᠢᠯᠡᠵᠦ᠂ ᠬᠤᠰᠢᠭᠤ ᠳᠥᠷᠪᠡᠳᠦᠭᠡᠷ ᠤᠳᠠᠭᠠᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠬᠤᠰᠢᠭᠤ ᠰᠣᠶᠣᠯ ᠲᠠᠮᠢᠷ ᠤᠨ ᠲᠣᠪᠴᠢᠶ᠎ᠠ ᠶᠢᠨ ᠣᠳᠤᠷᠢᠳᠬᠤ ᠪᠠᠭ ᠤᠨ ᠪᠦᠷᠢᠯᠳᠦᠬᠦᠨ ᠵᠢᠴᠢ ᠬᠠᠷᠢᠶ᠎ᠠ ᠨᠢᠭᠡᠴᠡ ᠪᠠ ᠡᠯ᠎ᠡ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠨᠡᠶᠢᠳᠡᠮ ᠪᠠᠶᠢᠴᠠᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠠᠮᠠᠭᠠᠯᠠᠬᠤ ᠳᠤᠮᠳᠠ ᠬᠥᠭᠵᠢᠭᠦᠯᠵᠦ᠂ ᠬᠥᠭᠵᠢᠭᠦᠯᠬᠦ ᠳᠤᠮᠳᠠ ᠬᠠᠮᠠᠭᠠᠯᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ︽ᠤᠮᠠᠷᠠᠲᠤ ᠬᠢᠯᠢ ᠶᠢᠨ ᠰᠣᠶᠣᠯ︾ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠷ ᠬᠠᠷᠠᠯᠲᠠ ᠪᠣᠯᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠠᠰᠢᠭᠯᠠ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠭᠦᠯᠦᠨ᠂ ︽ᠤᠷᠤᠯᠳᠤᠭᠠᠨ ᠤ ᠶᠠᠪᠤᠳᠠᠯ+︾᠂ ︽ᠪᠣᠳᠠᠰ ᠤᠨ ᠪᠤᠰᠤ ᠰᠣᠶᠣᠯ ᠤᠨ ᠥᠪ+︾᠂ ︽ᠵᠢᠭᠤᠯᠴᠢᠯᠠᠯ+︾᠂ ︽ᠲᠡᠤᠬᠡ ᠶᠢᠨ ᠳᠤᠷᠠᠰᠬᠠᠯᠲᠤ ᠵᠦᠢᠯᠡᠰ+︾ ᠵᠡᠷᠭᠡ ᠳᠤ ᠲᠦᠰᠢᠭᠯᠡᠨ ᠭᠦᠨᠵᠡᠭᠡᠶ ᠠᠭᠤᠰᠤᠯᠴᠠᠭᠤᠯᠤᠨ᠂ ︽ᠮᠢᠩᠭᠠᠨ ᠭᠠᠵᠠᠷ ᠤᠨ ᠬᠢᠯᠢ · ᠳᠥᠷᠪᠡᠨ ᠤᠯᠠᠷᠢᠯ ᠤᠨ ᠦᠵᠦᠮᠦᠴᠢᠨ︾ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠠᠯᠳᠠᠷᠰᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃      4 ᠰᠠᠷ᠎ᠠ ᠶᠢᠨ 24 ᠤ ᠡᠳᠦᠷ᠂ ᠪᠥᠬᠦ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠨᠡᠶᠢᠭᠡᠮ ᠤᠨ ᠦᠨᠡᠨᠴᠢ ᠢᠲᠡᠭᠡᠮᠵᠢ ᠶᠢᠨ ᠬᠦᠷᠢᠶᠡᠨ ᠳᠠᠬᠢ ᠲᠤᠰᠬᠠᠶ ᠳᠤᠭᠤᠶᠢᠯᠠᠩ ᠤᠨ ᠳᠠᠷᠤᠭ᠎ᠠ᠂ ᠤᠬᠠᠭᠤᠯᠬᠤ ᠬᠡᠯᠲᠡᠰ ᠤᠨ ᠳᠠᠷᠤᠭ᠎ᠠ ᠰᠠᠷᠠᠭᠤᠯᠲᠤᠶᠠᠭ᠎ᠠ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠬᠦᠷᠢᠶᠡᠨ ᠳᠠᠬᠢ ᠲᠤᠰᠬᠠᠶ ᠳᠤᠭᠤᠶᠢᠯᠠᠩ ᠤᠨ ᠳᠠᠷᠤᠭ᠎ᠠ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠦᠬᠡ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠬᠦᠷᠢᠶᠡᠨ ᠳᠠᠬᠢ ᠲᠤᠰᠬᠠᠶ ᠳᠤᠭᠤᠶᠢᠯᠠᠩ ᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠺᠧ ᠰᠢᠶᠤᠤ ᠮᠢᠩ ᠬᠤᠷᠠᠯ ᠳᠤ ᠣᠷᠣᠯᠴᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠲᠤᠰᠬᠠᠶ ᠠᠩᠭᠢ ᠶᠢᠨ ᠠᠯᠪᠠᠨ ᠬᠡᠷ ᠤᠨ ᠡᠷᠬᠢᠯᠡᠭᠴᠢ᠂ ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ ᠪᠦᠬᠡ ᠬᠤᠷᠠᠯ ᠢ ᠡᠷᠭᠢᠯᠡᠵᠦ᠂ ᠬᠤᠰᠢᠭᠤ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠤᠯᠴᠠᠪᠠ᠃ ᠬᠤᠷᠠᠯ ᠳᠡᠭᠡᠷ᠎ᠡ᠂ ᠡᠯ᠎ᠡ ᠲᠤᠰᠬᠠᠶ ᠠᠵᠢᠯ ᠤᠨ ᠳᠤᠭᠤᠶᠢᠯᠠᠩ ᠠᠵᠢᠯ ᠢᠶᠠᠨ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠲᠥᠯᠥᠪᠯᠡᠭᠡ ᠶᠢᠨ ᠲᠤᠬᠠᠶ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠪᠠ᠃ ᠬᠤᠷᠠᠯ ᠠᠴᠠ᠂ ᠡᠯ᠎ᠡ ᠲᠤᠰᠬᠠᠢ ᠠᠵᠢᠯ ᠤᠨ ᠳᠤᠭᠤᠶᠢᠯᠠᠩ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠵᠣᠬᠢᠴᠠᠭᠤᠯᠤᠨ ᠬᠠᠮᠵᠢᠯᠴᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠦᠴᠦᠷᠬᠡᠭ ᠶᠡᠭᠡ ᠬᠠᠮᠲᠤ ᠶᠢᠨ ᠬᠦᠴᠦᠨ ᠢ ᠬᠦᠴᠦᠯᠡᠨ ᠪᠦᠷᠢᠯᠳᠦᠭᠦᠯᠬᠦ ᠬᠡᠷᠡᠭᠲᠡᠢ᠃ ᠠᠵᠢᠯ ᠤᠨ ᠬᠢᠯᠠᠰ ᠴᠡᠭ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠶ ᠠᠭᠤᠳᠠᠯᠵᠤ᠂ ᠤᠬᠠᠭᠤᠯᠭ᠎ᠠ ᠶᠢᠨ ᠠᠵᠢᠯ ᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠪᠥᠬᠦ ᠶᠠᠪᠤᠴᠠ ᠳᠤ ᠲᠤᠤᠱᠯᠠᠭᠤᠯᠬᠤ ᠬᠡᠷᠡᠭᠲᠡᠶ᠃ ᠲᠤᠬᠢᠷᠠᠭᠤᠯᠭ᠎ᠠ ᠶᠢᠨ ᠵᠠᠩᠭᠢᠯᠠᠭ᠎ᠠ ᠶᠢᠨ ᠴᠡᠭ ᠶᠣᠰᠣᠭᠠᠷ ᠠᠵᠢᠯ ᠤᠨ ᠡᠭᠦᠷᠭᠡ ᠶᠢᠨ ᠮᠡᠳᠡᠭᠦᠯᠦᠨ ᠬᠦᠷᠭᠡᠬᠦ ᠬᠠᠮᠢᠶ᠎ᠠ ᠪᠦᠬᠦᠢ ᠮᠠᠲ᠋ᠧᠷᠢᠶᠠᠯ ᠢ ᠨᠠᠷᠢᠨ ᠬᠢᠨᠠᠮᠠᠭᠠᠢ ᠡᠮᠬᠢᠯᠡᠵᠦ᠂ ᠡᠯ᠎ᠡ ᠵᠦᠢᠯ ᠤᠨ ᠡᠭᠦᠷᠭᠡ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠤᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号