5 ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2024/9/5
      5 ᠰᠠᠷ᠎ᠠ ᠶᠢᠨ 13 ᠤ ᠡᠳᠦᠷ᠂ ᠳᠤᠮᠳᠠᠳᠤ ᠤᠯᠤᠰ · ᠵᠡᠭᠦᠨ ᠦᠵᠦᠮᠦᠴᠢᠨ ᠬᠤᠰᠢᠭᠤ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ᠂ ᠳᠤᠷᠤᠨᠠᠲᠤ ᠠᠶᠢᠮᠠᠭ ᠲᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠪᠡᠯᠡᠭᠯᠡᠪᠡ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ ᠵᠢᠶᠠᠨ ᠣᠷᠣᠯᠴᠠᠵᠤ᠂ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠳ ᠪᠡᠯᠡᠭᠯᠡᠨ ᠬᠦᠷᠭᠡᠬᠦ ᠶᠣᠰᠣᠯᠠᠯ ᠳᠤ ᠣᠷᠣᠯᠴᠠᠪᠠ᠃      5 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠬᠢᠩᠭᠠᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠲᠤᠰᠬᠠᠶ ᠰᠡᠳᠦᠪ ᠢᠶᠠᠷ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠣᠳᠣᠬᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶᠠᠨ ᠤ ᠶᠡᠷᠦᠩᠬᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠬᠤᠰᠢᠭᠤ ᠨᠠᠮ ᠤᠨ ᠬᠤᠷᠢᠶᠠᠨ ᠤ ᠳᠤᠷᠠᠳᠤᠭᠰᠠᠨ ᠪᠣᠳᠠᠲᠠᠶ ᠱᠠᠭᠠᠷᠳᠠᠯᠭ᠎ᠠ ᠶᠣᠰᠣᠭᠠᠷ᠂ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢ ᠪᠠᠲᠤᠯᠠᠬᠤ ᠬᠡᠷᠡᠭᠲᠡᠶ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠬᠠᠰᠢᠯᠭ᠎ᠠ ᠶᠢ ᠦᠷᠭᠦᠯᠵᠢᠯᠡᠨ ᠪᠠᠬᠢᠵᠢᠭᠦᠯᠵᠦ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ ᠢ ᠡᠷᠡᠰ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠡᠯ᠎ᠡ ᠲᠦᠷᠦᠯ ᠤᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠢᠯᠵᠢᠷᠡᠯ ᠢ ᠵᠠᠯᠬᠠᠭᠠᠨ ᠰᠢᠳᠬᠡᠬᠦ ᠰᠦᠷ ᠬᠦᠴᠦᠲᠦ ᠪᠠᠶᠢᠳᠠᠯ ᠢ ᠪᠠᠲᠤᠯᠠᠵᠤ᠂ ᠰᠤᠷᠲᠠᠯ ᠴᠢᠬᠡᠴᠢ ᠣᠪᠣᠷ ᠲᠥᠪ ᠪᠠᠶᠢᠬᠤ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠪᠡ᠃     ᠲᠤᠰ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ ᠵᠢᠶᠠᠨ ᠪᠥᠬᠦ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠬᠤᠶᠠᠳᠤᠭᠠᠷ ᠤᠳᠠᠭᠠᠨ ᠤ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠠ ᠠᠵᠢᠯᠲᠠᠳ ᠬᠤᠷᠠᠯ ᠳᠤ ᠣᠷᠣᠯᠴᠠᠪᠡ᠃      5 ᠰᠠᠷ᠎ᠠ ᠶᠢᠨ 15 ᠤ ᠡᠳᠦᠷ ᠠᠴᠠ 17 ᠤ ᠡᠳᠦᠷ ᠪᠣᠯᠲᠠᠯ᠎ᠠ᠂ ᠪᠥᠬᠦ ᠬᠤᠰᠢᠭᠤᠨ ᠤ ᠰᠠᠯᠠᠭᠠᠨ ᠲᠠᠰ ᠤᠨ ᠤᠳᠤᠷᠢᠳᠬᠤ ᠺᠠᠳ᠋ᠷ ᠤᠨ ᠬᠠᠪᠤᠷ ᠤᠨ ᠤᠯᠠᠷᠢᠯ ᠤᠨ ᠪᠣᠯᠪᠠᠰᠤᠷᠠᠯ ᠤᠨ ᠠᠩᠭᠢ ᠶᠢ ᠬᠤᠰᠢᠭᠤ ᠤᠯᠠᠭᠠᠨᠮᠥ᠋ᠴᠢᠷ ᠤᠨ ᠣᠯᠠᠨ ᠴᠢᠳᠠᠮᠵᠢᠳᠤ ᠮᠡᠳᠡᠭᠦᠯᠦᠯᠲᠡ ᠶᠢᠨ ᠲᠢᠩᠬᠢᠮ ᠳᠤ ᠡᠷᠭᠢᠯᠡᠪᠡ᠃ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠨᠠᠮ ᠤᠨ ᠬᠢᠴᠢᠶᠡᠯ ᠣᠷᠣᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠤ ᠸᠧ ᠮᠢᠨ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃ ᠡᠯ᠎ᠡ ᠰᠤᠮᠤ ᠪᠠᠯᠭᠠᠰᠤ ︵ᠲᠠᠯᠠᠪᠠᠶ︶᠂ ᠬᠤᠰᠢᠭᠤ ᠬᠠᠷᠢᠶ᠎ᠠ ᠰᠠᠯᠠᠭ᠎ᠠ ᠮᠥᠴᠢᠷ ᠤᠨ 216 ᠤᠳᠤᠷᠢᠳᠬᠤ ᠺᠠᠳ᠋ᠷ ᠪᠣᠯᠪᠠᠰᠤᠷᠠᠯ ᠳᠤ ᠣᠷᠣᠯᠴᠠᠪᠠ᠃ ᠬᠢᠩᠭᠠᠨ ᠱᠠᠭᠠᠷᠳᠠᠬᠤ ᠳᠠᠭᠠᠨ᠂ ᠪᠣᠯᠪᠠᠰᠤᠷᠠᠯ ᠳᠤ ᠤᠷᠤᠯᠴᠠᠭᠰᠠᠳ ᠲᠣᠰ ᠤᠳᠠᠭᠠᠨ ᠤ ᠪᠣᠯᠪᠠᠰᠤᠷᠠᠯ ᠢᠶᠠᠷ ᠰᠢᠨ᠎ᠡ ᠡᠬᠢᠯᠡᠯᠲᠡ ᠪᠣᠯᠭᠠᠵᠤ᠂ ᠲᠠᠰᠤᠷᠠᠯᠲᠠ ᠥᠬᠡᠶ ᠰᠤᠷᠤᠯᠴᠠᠨ᠂ ᠲᠠᠰᠤᠷᠠᠯᠲᠠ ᠥᠬᠡᠶ ᠦᠢᠯᠡᠳᠦᠯᠭᠡᠵᠢᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠠᠭᠠᠨ ᠴᠢᠳᠠᠮᠠᠭᠠᠶ ᠪᠠᠶᠢᠵᠤ᠂ ᠣᠯᠠᠨ ᠲᠦᠮᠡᠨ ᠤ ︽ᠪᠠᠴᠢᠮ ᠬᠦᠴᠢᠷ︾ ᠠᠰᠠᠭᠤᠳᠠᠯ ᠢ ᠰᠡᠳᠬᠢᠯ ᠳᠡᠯᠪᠢᠨ ᠰᠠᠶᠢᠲᠤᠷ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠨᠠᠩ ᠰᠠᠶᠢᠲᠤᠷ ᠡᠭᠦᠷᠭᠡᠯᠡᠬᠦ ᠬᠡᠷᠡᠭᠲᠡᠶ ᠭᠡᠪᠡ᠃      5 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠪᠦᠯᠬᠦᠮ ᠳᠠᠭᠠᠭᠤᠯᠤᠨ ᠪᠡᠭᠡᠵᠢᠩ᠂ ᠱᠠᠨᠳᠦ᠋ᠩ ᠵᠡᠷᠭᠡ ᠭᠠᠵᠠᠷ ᠣᠷᠣᠨ ᠳᠤ ᠬᠦᠷᠴᠦ᠂ ᠵᠡᠭᠦᠨ ᠬᠠᠲᠠᠪᠴᠢ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠲᠡᠷᠭᠡ ᠬᠥᠰᠬᠡ ᠶᠢᠨ ᠦᠢᠯᠡᠴᠢᠯᠡᠭᠡᠨ ᠤ ᠲᠣᠭᠤᠷᠢᠭ᠂ ᠬᠦᠯᠢᠶᠠᠬᠦ ᠲᠣᠭᠤᠷᠢᠭ᠂ ᠶᠢᠨ ᠲᠦᠸᠧ ᠤᠯᠠᠨ ᠤᠯᠤᠰ ᠤᠨ ᠶᠡᠷᠦᠩᠬᠡᠶᠢᠯᠡᠭᠰᠡᠨ ᠡᠨᠧᠷᠭᠢ ᠶᠢᠨ ᠦᠷᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠤᠨ ᠳᠠᠪᠤᠰᠤᠨ ᠨᠠᠭᠤᠷ ᠤᠨ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠤᠨ ᠲᠣᠭᠤᠷᠢᠨ ᠳᠤ ᠠᠷᠠᠯᠵᠢᠶᠠᠴᠢᠨ ᠤᠷᠢᠪᠠ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠱᠠᠨᠳᠦ᠋ᠩ ᠮᠤᠵᠢ ᠶᠢᠨ ᠸᠧᠶ ᠹᠠᠩ ᠬᠤᠲᠠ᠂ ᠱᠠᠨᠳᠦ᠋ᠩ ᠮᠤᠵᠢ ᠶᠢᠨ ᠯᠦ ᠶᠠᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠭᠤᠤᠯ ᠬᠠᠷᠢᠭᠤᠴᠠᠯᠭᠠᠲᠠᠨ ᠲᠠᠢ ᠭᠦᠨᠵᠡᠭᠡᠶ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠵᠤ᠂ ᠠᠵᠤ ᠠᠬᠤᠶᠢᠯᠠᠯ ᠳᠤ ᠮᠠᠨ ᠤ ᠬᠤᠰᠢᠭᠤᠨ ᠤ ︽ᠡᠵᠢ ᠨᠠᠭᠤᠷ︾ ᠳᠠᠪᠤᠰᠤᠨ ᠲᠠᠯᠠᠪᠠᠶ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠵᠡᠷᠭᠡ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ᠂ ᠶᠠᠷᠢᠯᠴᠠᠬᠤ ᠬᠤᠷᠠᠯ ᠥᠷᠨᠢᠭᠦᠯᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠪᠣᠯᠤᠨ ᠴᠢᠬᠤᠯᠠ ᠲᠤᠬᠠᠶᠢᠯᠠᠭᠰᠠᠨ ᠠᠵᠢᠯ ᠤᠨ ᠬᠦᠷᠢᠶ᠎ᠡ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠢᠷᠡᠭᠡᠳᠦᠶ ᠶᠢᠨ ᠬᠥᠭᠵᠢᠯᠲᠡ ᠶᠢᠨ ᠬᠠᠮᠲᠤᠷᠠᠯᠴᠠᠭ᠎ᠠ᠂ ᠲᠥᠷᠥᠯ ᠵᠦᠢᠯ ᠢ ᠠᠬᠢᠭᠤᠯᠬᠤ ᠵᠡᠷᠭᠡ ᠲᠠᠯ᠎ᠠ ᠪᠠᠷ ᠭᠦᠨᠵᠡᠭᠡᠶ ᠵᠥᠪᠳᠡᠯᠴᠡᠪᠡ᠃ ᠲᠤᠰ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠨᠢ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠪᠣᠯᠤᠨ ᠦᠢᠯᠡᠳᠬᠦ ᠦᠢᠯᠡᠰ ᠤᠨ ᠭᠦᠨᠵᠡᠭᠡᠢ ᠠᠭᠤᠰᠤᠯᠴᠠᠯ ᠢ ᠠᠯᠬᠤᠮ ᠠᠯᠬᠤᠮ ᠢᠶᠠᠷ ᠠᠬᠢᠭᠤᠯᠤᠨ᠂ ᠲᠤᠰᠬᠠᠶᠢᠵᠢᠭᠰᠠᠨ ᠪᠠ ᠦᠷᠳᠡᠭ ᠤᠨ ᠬᠡᠯᠬᠢᠶ᠎ᠡ ᠲᠡᠰᠢ ᠤᠷᠲᠤᠳᠬᠠᠵᠤ᠂ ︽ᠰᠢᠨ᠎ᠡ ᠬᠠᠩᠭᠠᠯᠭ᠎ᠠ ᠰᠢᠨ᠎ᠡ ᠠᠵᠤ ᠠᠬᠤᠢ ᠶᠢ ᠡᠭᠦᠳᠬᠦ︾ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠪᠣᠯᠤᠨ᠎ᠠ᠃      5 ᠰᠠᠷ᠎ᠠ ᠶᠢᠨ 31 ᠤ ᠡᠳᠦᠷ᠂ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠢᠦᠶ ᠲᠦᠩ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠦᠩᠲᠦ ᠨᠡᠭᠦᠷᠡᠰᠦᠨ ᠠᠭᠤᠷᠬᠠᠶ ᠠᠴᠠ ᠳᠠᠭᠠᠭᠠᠨ ᠡᠷᠭᠢᠯᠡᠭᠰᠡᠨ ᠵᠡᠭᠦᠨ ᠦᠵᠦᠮᠦᠴᠢᠨ ᠬᠤᠰᠢᠭᠤᠨ ᠤ 2024 ᠣᠨ ᠤ        ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠦᠩᠲᠦ ᠨᠡᠭᠦᠷᠡᠰᠦᠨ ᠠᠭᠤᠷᠬᠠᠶ ᠶᠢᠨ ᠠᠯᠪᠠᠯᠠᠬᠤ ᠲᠣᠭᠤᠷᠢᠭ ᠲᠤ ᠶᠠᠪᠤᠭᠳᠠᠵᠤ᠂ ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ ᠠᠵᠢᠯᠯᠠᠭ᠎ᠠ ᠳᠤ ᠣᠷᠣᠯᠴᠠᠭᠰᠠᠨ ᠪᠥᠭᠡᠳ ᠠᠵᠢᠯᠯᠠᠭ᠎ᠠ ᠡᠬᠢᠯᠡᠭᠰᠡᠨ ᠢ ᠵᠠᠷᠯᠠᠪᠠ᠃ ᠠᠯᠲᠠᠨᠪᠠᠭᠠᠨ᠎ᠠ ᠡᠬᠢᠯᠡᠯᠲᠡ ᠶᠢᠨ ᠶᠣᠰᠣᠯᠠᠯ ᠳᠤ᠂ 2024 ᠣᠨ ᠪᠣᠯ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠡᠬᠢᠯᠡᠯᠲᠡ ᠶᠢᠨ ᠵᠢᠯ ᠪᠣᠯᠤᠨ᠎ᠠ᠂ ᠮᠥᠨᠴᠦ ᠠᠵᠤ ᠠᠬᠤᠢ ᠶᠢ ᠪᠦᠬᠦ ᠬᠦᠴᠦᠨ ᠢᠶᠠᠷ ᠢᠶᠠᠨ ᠲᠡᠮᠡᠴᠡᠬᠦ ᠵᠠᠩᠭᠢᠯᠠᠭ᠎ᠠ ᠶᠢᠨ ᠵᠢᠯ ᠪᠣᠯᠤᠨ᠎ᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠃ ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠢᠨ ︽ᠠᠮᠢ ᠨᠠᠰᠤᠨ ᠤ ᠵᠠᠮ ᠢ ᠰᠠᠭᠠᠳ ᠦᠭᠡᠢ ᠨᠡᠪᠲᠡᠷᠡᠭᠦᠯᠬᠦ︾ ᠡᠨᠡᠬᠦ ᠭᠤᠣᠯ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠠᠵᠢᠯᠯᠠᠭ᠎ᠠ ᠶᠢᠨ ᠡᠨᠡᠬᠦ ᠠᠵᠠ ᠲᠣᠬᠢᠶᠠᠯ ᠢ ᠠᠰᠢᠭᠯᠠᠵᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ︽ᠲᠠᠪᠤ ᠶᠢ ᠣᠷᠣᠭᠤᠯᠬᠤ︾ ᠠᠵᠢᠯ ᠢ ᠦᠷᠭᠦᠯᠵᠢᠯᠡᠨ ᠠᠬᠢᠭᠤᠯᠵᠤ᠂ ᠠᠮᠤᠷ ᠲᠦᠪᠰᠢᠨ ᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠬᠥᠮᠥᠰ ᠤᠨ ᠰᠡᠳᠬᠢᠯ ᠢ ᠬᠥᠭᠵᠢᠭᠡᠵᠦ᠂ ᠪᠦᠬᠦ ᠠᠷᠠᠳ ᠤᠨ ᠠᠮᠤᠷ ᠲᠦᠪᠰᠢᠨ ᠤ ᠤᠬᠠᠮᠰᠠᠷ ᠪᠣᠯᠣᠨ ᠠᠵᠢᠯᠯᠠᠵᠤ ᠪᠠᠶᠢᠭ᠎ᠠ ᠬᠥᠮᠥᠰ ᠤᠨ ᠠᠮᠤᠷ ᠲᠦᠪᠰᠢᠨ ᠤ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠢᠭᠡᠳᠦᠯᠲᠡᠶ ᠲᠥᠯᠥᠪᠯᠡᠬᠦ ᠰᠡᠳᠬᠢᠬᠦᠶ᠂ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠵᠤ᠂ ᠪᠥᠬᠦ ᠲᠠᠯ᠎ᠠ ᠪᠠᠷ ᠪᠠᠶᠢᠴᠠᠭᠠᠨ ᠦᠵᠡᠵᠦ᠂ ᠰᠢᠰᠲ᠋ᠧᠮ ᠪᠠᠶᠢᠭᠤᠯᠤᠨ ᠴᠡᠭᠴᠡᠯᠡᠨ ᠰᠠᠶᠢᠵᠢᠷᠠᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠪᠠ ᠰᠡᠷᠭᠡᠶᠢᠯᠡᠵᠦ᠂ ᠵᠡᠭᠦᠨ ᠦᠵᠦᠮᠦᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠮᠤᠷ ᠲᠣᠭᠲᠠᠭᠤᠨ ᠡᠮᠬᠢ ᠵᠢᠷᠤᠮ ᠲᠠᠢ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠡᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号