6 ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2024/9/5
      6 ᠰᠠᠷ᠎ᠠ ᠶᠢᠨ 2 ᠤᠨ ᠡᠳᠦᠷ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠡᠭᠦᠨ ᠦᠵᠦᠮᠦᠴᠢᠨ ᠬᠤᠰᠢᠭᠤᠨ ᠤ ᠬᠤᠪᠢᠶᠠᠷᠢ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠵᠡᠭᠦᠨ ᠦᠵᠦᠮᠦᠴᠢᠨ ᠬᠤᠰᠢᠭᠤᠨ ᠤ ᠣᠶᠤᠨ ᠤ ᠪᠣᠯᠪᠠᠰᠤᠨ ᠤ ᠠᠯᠪᠠᠨ ᠬᠡᠷ᠂ ᠰᠤᠷᠭᠠᠨ ᠬᠥᠮᠦᠵᠢᠯ ᠤᠨ ᠲᠣᠪᠴᠢᠶ᠎ᠠ ᠬᠠᠮᠵᠢᠯᠴᠠᠨ ᠡᠷᠭᠢᠯᠡᠵᠦ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷᠠᠴᠤᠳ ᠤᠨ ᠨᠡᠶᠢᠭᠡᠮᠯᠢᠭ ᠤᠨ ᠳᠠᠭᠠᠭᠠᠴᠢᠯᠠᠨ ᠡᠷᠭᠢᠯᠡᠭᠰᠡᠨ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ︾ — ᠵᠡᠭᠦᠨ ᠦᠵᠦᠮᠦᠴᠢᠨ ᠬᠤᠰᠢᠭᠤᠨ ᠤ 2024 ᠣᠨ ᠤ ᠵᠢᠷᠭᠤᠳᠤᠭᠠᠷ ᠲᠠᠪᠤᠨ ᠵᠢᠯ ᠤᠨ ᠣᠷᠴᠢᠨ ᠲᠣᠭᠤᠷᠢᠨ ᠤ ᠡᠳᠦᠷ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠶᠠᠪᠤᠭᠳᠠᠪᠠ᠃ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠳᠡᠳ᠋ ᠳᠠᠷᠤᠭ᠎ᠠ ᠨᠠᠷᠠᠨᠮᠠᠨᠳᠤᠬᠤ᠂ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠳᠡᠳ᠋ ᠳᠠᠷᠤᠭ᠎ᠠ ᠰᠢᠤᠢ ᠰᠢᠨ ᠡᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠪᠦᠦ ᠸᠠᠨ ᠬᠤᠸᠠ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠣᠣ ᠬᠠᠶ ᠰᠢᠶᠠ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠦᠬᠡᠨ᠋ᠣᠳᠽᠠᠷ ᠵᠢᠴᠢ ᠬᠤᠰᠢᠭᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤ ᠨᠠᠮ ᠤᠨ ᠬᠤᠷᠢᠶ᠎ᠠ ᠶᠢᠨ ᠠᠯᠪᠠᠨ ᠬᠡᠷ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠡᠭᠦᠨ ᠦᠵᠦᠮᠦᠴᠢᠨ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃ ᠠᠵᠢᠯᠯᠠᠭ᠎ᠠ ᠳᠤ ᠪᠠᠰᠠ ᠰᠢᠯᠢ ᠶᠢᠨ ᠭᠤᠤᠯ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ ᠵᠠᠯᠠᠭᠤᠴᠤᠳ ᠪᠠᠭᠠᠴᠤᠳ ᠤᠨ ᠣᠨᠴᠠ ᠰᠡᠳᠬᠦᠯ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷᠠᠴᠤᠳ ᠤᠨ ᠨᠡᠶᠢᠭᠡᠮᠯᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠡᠷᠭᠡ ᠶᠢ         ᠤᠷᠢᠪᠠ᠃      6 ᠰᠠᠷ᠎ᠠ ᠶᠢᠨ 4 ᠤ ᠡᠳᠦᠷ᠂ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ 2024 ᠣᠨ ᠤ ᠲᠠᠪᠤᠳᠤᠭᠠᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠵᠤᠷᠰᠢᠮᠠᠯ ᠬᠤᠷᠠᠯ ᠵᠢᠴᠢ ᠪᠥᠬᠦ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠬᠤᠷᠠᠯ᠂ ᠬᠤᠰᠢᠭᠤ ᠭᠠᠯ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠤᠨ ᠬᠤᠶᠠᠳᠤᠭᠠᠷ ᠤᠳᠠᠭᠠᠨ ᠤ ᠲᠣᠭᠲᠠᠮᠠᠯ ᠬᠤᠷᠠᠯ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠪᠠ ᠭᠠᠯ ᠤᠨᠲᠠᠷᠠᠭᠠᠬᠤ ︽ᠠᠮᠢ ᠨᠠᠰᠤᠨ ᠤ ᠵᠠᠮ︾ ᠢ ᠨᠡᠪᠲᠡᠷᠡᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ ᠵᠢᠶᠠᠨ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ᠂ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠡᠯ᠎ᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠠᠴᠠ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠡᠯ᠎ᠡ ᠠᠵᠢᠯ ᠲᠦᠷᠦᠯ ᠤᠨ ᠬᠦᠷᠢᠶᠡᠨ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠭᠡᠮ ᠰᠣᠭᠤᠭ ᠵᠢᠴᠢ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠢ᠃ ᠤᠬᠠᠭᠤᠯᠭ᠎ᠠ᠂ ᠬᠥᠮᠦᠵᠢᠯ᠂ ᠰᠣᠷᠢᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢ ᠠᠵᠤ ᠠᠬᠤᠶᠢᠯᠠᠯ᠂ ᠮᠠᠯᠵᠢᠬᠤ ᠣᠷᠣᠨ᠂ ᠨᠡᠶᠢᠭᠡᠮ ᠲᠣᠭᠤᠷᠢᠭ᠂ ᠰᠤᠷᠭᠠᠭᠤᠯᠢ᠂ ᠭᠡᠷ ᠪᠦᠯᠢ ᠳᠤ ᠣᠷᠣᠭᠤᠯᠬᠤ ᠶᠢ ᠪᠠᠶᠢᠩᠭᠤᠵᠢᠭᠤᠯᠤᠨ ᠠᠬᠢᠭᠤᠯᠵᠤ᠂ ᠪᠦᠬᠦ ᠨᠡᠶᠢᠭᠡᠮ ᠳᠤ ᠠᠮᠢ ᠨᠠᠰᠤ ᠶᠢ ᠬᠠᠶᠢᠷᠠᠯᠠᠬᠤ᠂ ᠠᠮᠤᠷ ᠲᠦᠪᠰᠢᠨ ᠢ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃      6 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠤᠢ ᠶᠢᠩ ᠵᠢᠶᠠᠨ 2024 ᠣᠨ ᠤ ᠪᠥᠬᠦ ᠬᠤᠰᠢᠭᠤᠨ ᠤ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠬᠦ ᠶᠡᠷᠦᠩᠬᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠡᠷᠢᠶᠡᠨ ᠪᠣᠭᠤᠮᠲᠠ ᠶᠢᠨ ᠳᠠᠯᠳᠠᠭᠤᠷ ᠠᠷᠠᠯᠵᠢᠶᠠᠯᠠᠭᠰᠠᠳ ᠢ ᠪᠠᠷᠢᠪᠴᠢᠯᠠᠬᠤ ᠬᠤᠪᠢᠶᠠᠷᠢ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ ᠵᠦ ᠵᠢᠶᠦ᠋ᠨ ᠬᠤᠷᠠᠯ ᠳᠤ ᠣᠷᠣᠯᠴᠠᠵᠤ᠂ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠬᠦ ᠶᠡᠷᠦᠩᠬᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠴᠦ ᠶᠡᠷᠦᠩᠬᠡᠶᠢᠯᠡᠨ ᠵᠠᠰᠠᠬᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠤᠨ ᠥᠷᠢᠰᠥᠯᠳᠦᠭᠡᠨ ᠢ ᠭᠦᠨᠵᠡᠭᠡᠢ ᠲᠠᠨᠢᠵᠤ᠂ ︽ᠲᠥᠪ ᠠᠴᠠ ᠠᠩᠬᠠᠷᠴᠤ ᠪᠠᠶᠢᠭ᠎ᠠ᠂ ᠨᠡᠶᠢᠭᠡᠮ ᠨᠡᠶᠢᠲᠡ ᠪᠠᠷ ᠢᠶᠠᠨ ᠠᠩᠬᠠᠷᠴᠤ ᠪᠠᠶᠢᠭ᠎ᠠ᠂ ᠤᠯᠠᠨ ᠲᠦᠮᠡᠨ ᠠᠩᠬᠠᠷᠴᠤ ᠪᠠᠶᠢᠨ᠎ᠠ︾ ᠲᠤᠪᠤᠶᠢᠮ᠎ᠠ ᠨᠢᠭᠤᠴᠠ ᠪᠠᠷ ᠠᠷᠠᠯᠵᠢᠶᠠᠯᠠᠬᠤ ᠠᠰᠠᠭᠤᠳᠠᠯ ᠤᠨ ᠲᠣᠭᠤᠷᠢᠨ          ᠳᠤ᠂ ᠦᠷᠭᠦᠯᠵᠢᠯᠡᠨ ᠴᠢᠩᠭ᠎ᠠ ᠳᠠᠷᠤᠯᠲᠠ ᠥᠭᠴᠦ ᠴᠢᠩᠭ᠎ᠠ ᠴᠣᠬᠢᠯᠲᠠ ᠥᠭᠴᠦ᠂ ︽ᠤᠯᠤᠰ ᠤᠨ ᠡᠭᠦᠳᠡᠨ ᠬᠤᠷᠴᠠ ᠰᠡᠯᠡᠮ᠎ᠡ︾ ᠶᠢᠨ ᠬᠠᠮᠲᠤᠷᠠᠭᠰᠠᠨ ᠠᠵᠢᠯᠯᠠᠭ᠎ᠠ ᠶᠢ ᠬᠦᠴᠦᠲᠡᠢ ᠠᠬᠢᠭᠤᠯᠬᠤ ᠬᠡᠷᠡᠭᠲᠡᠢ᠃ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠣᠯᠠᠨ ᠡᠰᠢᠵᠢᠬᠦᠯᠦᠨ ᠬᠠᠮᠲᠤ ᠪᠠᠷ ᠵᠠᠰᠠᠬᠤ ᠶᠢ ᠪᠠᠷᠢᠮᠲᠠᠯᠠᠵᠤ᠂ ᠨᠢᠭᠤᠴᠠ ᠪᠠᠷ ᠠᠷᠠᠯᠵᠢᠶᠠᠯᠠᠬᠤ ᠶᠢ ᠡᠰᠡᠷᠭᠦᠴᠡᠬᠦ ᠶᠡᠷᠦᠩᠬᠡᠶᠢᠯᠡᠭᠰᠡᠨ ᠵᠠᠰᠠᠯᠲᠠ ᠶᠢᠨ ᠬᠠᠮᠲᠤᠷᠠᠯ ᠬᠦᠴᠦᠨ ᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ ᠨᠢᠭᠤᠴᠠ ᠪᠠᠷ ᠠᠷᠠᠯᠵᠢᠶᠠᠯᠠᠬᠤ ᠶᠢ ᠡᠰᠡᠷᠭᠦᠴᠡᠬᠦ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠨᠢᠭᠤᠴᠠ ᠪᠠᠷ ᠠᠷᠠᠯᠵᠢᠶᠠᠯᠠᠬᠤ ᠶᠢ ᠡᠰᠡᠷᠭᠦᠴᠡᠬᠦ ᠶᠡᠷᠦᠩᠬᠡᠶᠢᠯᠡᠭᠰᠡᠨ ᠵᠠᠰᠠᠯᠲᠠ ᠶᠢᠨ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠴᠦ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃      ᠲᠣᠰ ᠡᠳᠦᠷ᠂ ᠮᠠᠨ ᠤ ᠬᠤᠰᠢᠭᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠬᠤᠶᠠᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠤ ᠢᠦᠶ ᠯᠦᠩ ᠬᠤᠷᠠᠯ ᠢ ᠡᠷᠭᠢᠯᠡᠵᠦ᠂ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠺᠧ ᠰᠢᠶᠤᠤ ᠮᠢᠩ ᠬᠤᠷᠠᠯ ᠳᠤ ᠣᠷᠣᠯᠴᠠᠪᠠ᠃ ᠬᠤᠷᠠᠯ ᠠᠴᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠲᠤᠰᠬᠠᠶ ᠠᠩᠭᠢ ᠪᠠ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ ᠳᠥᠷᠪᠡᠨ ᠲᠤᠰᠬᠠᠶ ᠳᠤᠭᠤᠶᠢᠯᠠᠩ ᠤᠨ ᠠᠵᠢᠯ ᠤᠨ ᠠᠬᠢᠴᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠱᠠᠲᠤᠨ ᠤ ᠮᠠᠨ ᠤ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃      6 ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠤ ᠢᠦᠶ ᠯᠦᠩ ᠪᠥᠬᠦ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠵᠢᠴᠢ ᠰᠣᠶᠣᠯ ᠵᠢᠭᠤᠯᠴᠢᠯᠠᠯ ᠤᠨ ᠲᠤᠰᠬᠠᠶ ᠰᠡᠳᠦᠪᠲᠦ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠰᠣᠶᠣᠯ ᠵᠢᠭᠤᠯᠴᠢᠯᠠᠯ ᠤᠨ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠱᠠᠲᠤᠨ ᠤ ᠠᠵᠢᠯ ᠢᠶᠠᠨ ᠪᠠᠶᠢᠷᠢᠯᠠᠭᠤᠯᠪᠠ᠃ ᠵᠧᠦ ᠢᠦᠢ ᠯᠦᠩ ᠴᠢᠬᠤᠯᠠᠴᠢᠯᠠᠬᠤ ᠳᠠᠭᠠᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠠᠯ᠎ᠠ ᠪᠠᠷ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠨ ᠬᠢᠨ ᠰᠢᠨᠵᠢᠯᠡᠬᠦ ᠤᠬᠠᠭᠠᠨᠴᠢ ᠤᠢᠢᠯᠠᠭᠠᠭᠳᠠᠬᠤᠨ ᠢ ᠪᠤᠢ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠡᠭᠦᠷᠭᠡ ᠪᠠᠨ ᠲᠣᠳᠣᠷᠬᠠᠶᠢᠯᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠨᠢᠭᠲᠠ ᠬᠠᠮᠵᠢᠯᠴᠠᠵᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠦᠴᠦᠷᠬᠡᠭ ᠶᠡᠭᠡ ᠬᠠᠮᠲᠤ ᠶᠢᠨ ᠬᠦᠴᠦᠨ ᠢ ᠪᠣᠶ ᠪᠣᠯᠭᠠᠵᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠵᠢᠭᠤᠯᠴᠢᠯᠠᠯ ᠤᠨ ᠠᠵᠤ ᠦᠢᠯᠡᠰ ᠤᠨ ᠳᠤᠲᠠᠭᠳᠠᠵᠤ ᠪᠣᠯᠤᠰᠢ ᠥᠬᠡᠶ ᠴᠢᠨᠠᠷ ᠰᠠᠶᠢᠲᠠᠶ ᠡᠬᠢ ᠪᠠᠶᠠᠯᠢᠭ ᠤᠨ ᠨᠢᠭᠡ ᠪᠣᠯᠭᠠᠵᠤ᠂ ᠪᠥᠬᠦ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠶ ᠭᠡᠪᠡ᠃      6 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭᠠᠨ ᠤ ᠬᠤᠷᠠᠯ          ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠤᠮᠤ ᠪᠠᠯᠭᠠᠰᠤ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠰᠢᠭᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠣᠷᠣᠭᠤᠯᠬᠤ ᠬᠡᠯᠪᠡᠷᠢ ᠶᠢᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ︔ ︽ᠤᠯᠤᠰ ᠤᠨ ᠲᠤᠭ ᠬᠢᠯᠢ ᠶᠢᠨ ᠪᠣᠭᠤᠮᠲᠠ︾ ᠶᠢᠨ ᠰᠦᠭ ᠰᠦᠨᠡᠰᠦ ᠶᠢ ᠱᠤᠭᠤᠬᠤ ᠢᠨᠵᠧᠨᠧᠷᠢᠩ ᠦᠷ᠎ᠡ ᠪᠦᠲᠦᠮᠵᠢ ᠤᠯᠬᠤ ᠶᠢ ᠠᠬᠢᠭᠤᠯᠵᠤ᠂ ᠳᠡᠭᠡᠷ᠎ᠡ ᠱᠠᠲᠤᠨ ᠤ ᠪᠠ ᠬᠤᠰᠢᠭᠤ ᠲᠣᠰ ᠱᠠᠲᠤᠨ ᠤ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠶ ᠭᠡᠪᠡ᠃      6 ᠰᠠᠷ᠎ᠠ ᠶᠢᠨ 19 ᠤ ᠡᠳᠦᠷ᠂ ᠬᠤᠰᠢᠭᠤ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ 2024 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠪᠠ᠃ ᠳᠡᠳ᠋ ᠬᠤᠰᠢᠭᠤ ᠳᠠᠷᠤᠭ᠎ᠠ ᠴᠠᠩ ᠵᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠠᠴᠠ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠨᠢ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠵᠤ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠰᠠᠭᠤᠳᠠᠯ ᠪᠣᠯᠤᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠳᠡᠭᠡᠳᠦ ᠬᠡᠮᠵᠢᠶᠡᠨ ᠠᠴᠠ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠢᠳᠡᠭᠡᠨ ᠪᠠ ᠡᠮ ᠤᠨ ᠵᠦᠢᠯ ᠢ ᠦᠢᠯᠡᠳᠪᠦᠷᠢᠯᠡᠬᠦ᠂ ᠡᠳ᠋ᠰᠢᠭᠦᠯᠬᠦ᠂ ᠬᠦᠢᠯᠭᠡᠭᠡ᠂ ᠬᠡᠷᠡᠭᠯᠡᠭᠡᠨ ᠤ ᠡᠯ᠎ᠡ ᠭᠤᠭᠴᠤᠭ᠎ᠠ ᠶᠢᠨ ᠪᠥᠬᠦ ᠶᠠᠪᠤᠴᠠ ᠶᠢᠨ ᠠᠮᠤᠷ ᠲᠦᠪᠰᠢᠨ ᠤ ᠪᠣᠭᠤᠮᠲᠠ ᠶᠢ ᠪᠠᠲᠤ ᠰᠠᠬᠢᠵᠤ᠂ ︽ᠭᠤᠷᠪᠠ ᠥᠬᠡᠶ︾᠂ ᠬᠤᠳᠠᠯ ᠬᠠᠭᠤᠷᠮᠠᠭ᠂ ᠴᠢᠨᠠᠷ ᠮᠠᠭᠤᠲᠠᠶ᠂ ᠬᠤᠭᠤᠴᠠᠭ᠎ᠠ ᠨᠢ ᠥᠩᠭᠡᠷᠡᠭᠰᠡᠨ ᠢᠳᠡᠭᠡᠨ ᠡᠮ ᠤᠨ ᠵᠦᠢᠯ ᠢ ᠦᠢᠯᠡᠳᠴᠦ ᠪᠣᠷᠣᠯᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠢᠳᠡᠭᠡᠨ ᠪᠠ ᠡᠮ ᠤᠨ ᠵᠦᠢᠯ ᠤᠨ ᠨᠠᠩ ᠠᠮᠤᠷ ᠲᠦᠪᠰᠢᠨ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ ᠬᠡᠷᠡᠭᠲᠡᠶ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号