2024 ᠣᠨ ᠤ 1 — 5 ᠰᠠᠷ᠎ᠠ ᠳᠤ ᠪᠥᠬᠦ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠳᠡᠭᠡᠭᠰᠢᠯᠡᠪᠡ
ᠨᠡᠶᠢᠲᠡᠯᠡᠭᠰᠡᠨ ᠴᠠᠭ᠄
2024/9/5
      1 — 5 ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 42661 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠲᠤ ᠵᠢᠷᠭᠤᠳᠤᠭᠠᠷ ᠪᠠᠶᠢᠷᠢᠨ ᠳᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠲᠤ 12 ᠳ᠋ᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ 4 ᠳ᠋ᠦ᠋ᠭᠡᠷ ᠰᠠᠷ᠎ᠠ ᠶᠢᠨ ᠨᠡᠮᠡᠭᠳᠡᠯ ᠤᠨ ᠬᠤᠷᠳᠤᠴᠠ ᠠᠴᠠ 0.1 ᠵᠠᠭᠤᠨ ᠤ ᠨᠢᠭᠡᠴᠢ ᠥᠨᠳᠥᠷ ᠪᠣᠯᠪᠠ᠃      ᠶᠡᠷᠦᠩᠬᠡᠶ ᠬᠡᠷᠡᠭᠯᠡᠭᠡ ᠠᠴᠠ ᠦᠵᠡᠪᠡᠯ᠂ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠤᠨ ᠬᠤᠪᠢᠶᠠᠷᠢᠯᠠᠯ ᠶᠣᠰᠣᠭᠠᠷ᠂ ᠪᠥᠬᠦ ᠬᠤᠰᠢᠭᠤᠨ ᠤ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 25495 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠪᠡ︔ ᠮᠠᠯᠵᠢᠬᠤ ᠣᠷᠣᠨ ᠤ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 17166 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠷᠢᠯᠠᠪᠠᠯ᠂ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ 25805 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.4% ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 16813 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠪᠡ᠃      ᠶᠡᠷᠦᠩᠬᠡᠶ ᠳᠤᠨᠢ ᠠᠪᠴᠤ ᠦᠵᠡᠪᠡᠯ᠂ ᠰᠠᠭᠤᠭᠠᠯᠢ ᠠᠷᠠᠳ ᠤᠨ ᠠᠮᠢᠳᠤᠷᠠᠯ ᠤᠨ ᠲᠠᠰᠤᠷᠠᠯᠲᠠ ᠥᠬᠡᠶ ᠳᠡᠭᠡᠭᠰᠢᠯᠡᠬᠦ ᠶᠢ ᠳᠠᠭᠠᠯᠳᠤᠨ᠂ ᠬᠤᠳᠠᠯᠳᠤᠭᠠᠴᠢᠳ ᠬᠡᠷᠡᠭᠯᠡᠭᠡᠨ ᠤ ᠦᠢᠯᠡᠳᠬᠦᠨ ᠪᠣᠯᠤᠨ ᠦᠢᠯᠡᠴᠢᠯᠡᠭᠡᠨ ᠤ ᠲᠠᠰ ᠳᠡᠪᠰᠢᠬᠦ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠦᠢᠯᠡᠴᠢᠯᠡᠭᠡᠨ ᠤ ᠲᠥᠷᠥᠯ ᠤᠨ ᠬᠡᠷᠡᠭᠯᠡᠭᠡ ᠲᠦᠷᠭᠡᠳᠴᠦ᠂ ᠬᠡᠷᠡᠭᠯᠡᠭᠡᠨ ᠤ ᠵᠦᠢᠯᠡᠰ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠰᠡᠷᠭᠦᠵᠦ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠬᠤᠷᠳᠤᠴᠠ ᠦᠷᠭᠦᠯᠵᠢᠯᠡᠨ ᠲᠦᠷᠭᠡᠨ ᠨᠡᠮᠡᠭᠳᠡᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠶᠠᠭ ᠪᠥᠬᠦ ᠲᠠᠯ᠎ᠠ ᠪᠠᠷ ᠰᠡᠷᠭᠦᠵᠦ᠂ ᠪᠥᠬᠦ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠢ ᠲᠣᠭᠲᠠᠭᠤᠨ ᠢᠶᠠᠷ ᠬᠥᠭᠵᠢᠭᠦᠯᠬᠦ ᠦᠨᠳᠦᠰᠦᠨ ᠨᠥᠬᠦᠴᠡᠯ ᠬᠤᠪᠢᠷᠠᠭ᠎ᠠ ᠥᠬᠡᠶ᠂ ᠬᠡᠷᠡᠭᠯᠡᠭᠡᠨ ᠤ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠰᠠᠶᠢᠨ ᠰᠠᠶᠢᠬᠠᠨ ᠪᠠᠶᠢᠳᠠᠯ ᠮᠥᠨ ᠬᠦ ᠦᠷᠭᠦᠯᠵᠢᠯᠡᠵᠦ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号