ᠳᠡᠭᠡᠷ᠎ᠡ ᠬᠠᠭᠠᠰ ᠵᠢᠯ ᠳᠤ ᠪᠦᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ 5.21 ᠳ᠋ᠦᠩᠰᠢᠭᠤᠷ ᠲᠦᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2024/9/5
      ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 5.21 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3 % ᠪᠠᠷ ᠨᠡᠮᠡᠭᠳᠡᠪᠡ᠃ ᠭᠠᠵᠠᠷ ᠣᠷᠣᠨ ᠤ ᠲᠥᠷᠥᠯ ᠬᠡᠯᠪᠡᠷᠢ ᠠᠴᠠ ᠦᠵᠡᠪᠡᠯ᠂ ᠪᠥᠬᠦ ᠬᠤᠰᠢᠭᠤᠨ ᠤ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 3.22 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠨ᠂ ᠮᠠᠯᠵᠢᠬᠤ ᠣᠷᠣᠨ ᠤ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 1.99 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2% ᠢᠶᠠᠷ ᠨᠡᠮᠡᠭᠳᠡᠪᠡ︔ ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 3.22 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2 % ᠢᠶᠠᠷ ᠨᠡᠮᠡᠭᠳᠡᠨ᠂ ᠢᠳᠡᠭᠡᠨ ᠤᠮᠳᠠᠭᠠᠨ ᠤ ᠣᠷᠣᠯᠭ᠎ᠠ 1.99 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3 % ᠪᠠᠷ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠶᠢᠨ ᠨᠢᠭᠡᠴᠡ ᠠᠮᠤ ᠪᠤᠳᠠᠭ᠎ᠠ ᠢᠳᠡᠰᠢᠨ ᠲᠣᠰᠣᠨ ᠤ ᠢᠳᠡᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 19.4 % ᠪᠠᠷ ᠨᠡᠮᠡᠭᠳᠡᠵᠦ᠂ ᠬᠠᠲᠠᠭᠠᠭᠰᠠᠨ᠂ ᠰᠣᠷᠭᠤᠭ ᠵᠢᠮᠢᠰ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 151.1 % ᠪᠠᠷ ᠨᠡᠮᠡᠭᠳᠡᠵᠦ᠂ ᠤᠮᠳᠠᠭᠠᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 19.6 % ᠪᠠᠷ ᠪᠠᠭᠤᠷᠠᠵᠤ᠂ ᠠᠷᠢᠬᠢ ᠲᠠᠮᠠᠬᠢ ᠠᠳᠠᠯᠢ ᠬᠤᠭᠤᠴᠠᠭᠠᠨ ᠤ ᠬᠢ ᠠᠴᠠ 29.9 % ᠪᠠᠷ ᠪᠠᠭᠤᠷᠠᠵᠤ᠂ ᠬᠤᠪᠴᠠᠰᠤ ᠬᠤᠨᠠᠷ᠂ ᠮᠠᠯᠠᠭᠠᠢ ᠱᠠᠬᠠᠶ᠂ ᠨᠡᠬᠡᠮᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 59.7 % ᠪᠠᠷ ᠪᠠᠭᠤᠷᠠᠵᠤ᠂ ᠡᠳᠦᠷ ᠲᠤᠲᠤᠮ ᠤᠨ ᠬᠡᠷᠡᠭᠯᠡᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 1.8 % ᠪᠠᠷ ᠪᠠᠭᠤᠷᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号