2024 ᠣᠨ ᠤ 1—7 ᠰᠠᠷ᠎ᠠ ᠶᠢᠨ ᠪᠥᠬᠦ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠠᠶᠢᠳᠠᠯ ᠢᠶᠠᠷ ᠦᠷᠭᠦᠯᠵᠢᠯᠡᠪᠡ
ᠨᠡᠶᠢᠲᠡᠯᠡᠭᠰᠡᠨ ᠴᠠᠭ᠄
2024/9/5
      1 — 7 ᠰᠠᠷ᠎ᠠ ᠳᠤ᠂ ᠮᠠᠨ ᠤ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠳᠡᠭᠡᠷ᠎ᠡ ᠬᠠᠭᠠᠰ ᠵᠢᠯ ᠳᠤ ᠲᠣᠭᠲᠠᠭᠤᠨ ᠬᠥᠭᠵᠢᠯᠲᠡ ᠶᠢᠨ ᠪᠠᠶᠢᠳᠠᠯ ᠢᠶᠠᠷ ᠦᠷᠭᠦᠯᠵᠢᠯᠡᠵᠦ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 57326 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠪᠡ᠃ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠤᠨ ᠵᠢᠷᠭᠤᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 11 ᠳ᠋ᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ 1— 6 ᠳ᠋ᠤᠭᠠᠷ ᠰᠠᠷ᠎ᠠ ᠶᠢᠨ ᠬᠢ ᠠᠴᠠ ᠨᠢᠭᠡ ᠳᠡᠰ ᠳᠡᠭᠡᠭᠰᠢᠯᠡᠪᠡ᠃      ᠨᠢᠭᠡ᠂ ᠡᠵᠡᠩᠨᠡᠯᠲᠡ ᠶᠢᠨ ᠭᠠᠵᠠᠷ ᠪᠠ ᠬᠡᠷᠡᠭᠯᠡᠭᠡᠨ ᠤ ᠲᠦᠷᠦᠯ ᠵᠦᠢᠯ ᠢᠶᠠᠷ ᠬᠤᠪᠢᠶᠠᠷᠢᠯᠠᠬᠤ ᠳᠤ ᠨᠡᠮᠡᠭᠳᠡᠯ ᠤᠨ ᠬᠤᠷᠳᠤᠴᠠ ᠲᠣᠭᠲᠠᠭᠤᠨ ᠪᠠᠶᠢᠪᠠ      ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠠᠴᠠ ᠦᠵᠡᠪᠡᠯ᠂ ᠪᠥᠬᠦ ᠬᠤᠰᠢᠭᠤᠨ ᠤ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 36347 ᠲᠦᠮᠡᠨ ᠲᠥᠭᠦᠷᠢᠭ ᠲᠤ ᠬᠦᠷᠴᠦ᠂ 0.3% ᠪᠠᠷ ᠨᠡᠮᠡᠭᠳᠡᠨ᠂ ᠮᠠᠯᠵᠢᠬᠤ ᠣᠷᠣᠨ ᠤ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 20979 ᠲᠦᠮᠡᠨ ᠲᠥᠭᠦᠷᠢᠭ ᠲᠤ ᠬᠦᠷᠴᠦ᠂ 0.3% ᠪᠠᠷ ᠨᠡᠮᠡᠭᠳᠡᠪᠡ︔ ᠬᠡᠷᠡᠭᠯᠡᠭᠡᠨ ᠤ ᠬᠡᠯᠪᠡᠷᠢ ᠠᠴᠠ ᠠᠪᠴᠤ ᠦᠵᠡᠪᠡᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 35601 ᠲᠦᠮᠡᠨ ᠲᠥᠭᠦᠷᠢᠭ ᠲᠤ        ᠬᠦᠷᠴᠦ᠂ 0.2% ᠢᠶᠠᠷ ᠨᠡᠮᠡᠭᠳᠡᠨ᠂ ᠢᠳᠡᠭᠡᠨ ᠤᠮᠳᠠᠭᠠᠨ ᠤ ᠣᠷᠣᠯᠭ᠎ᠠ 21725 ᠲᠦᠮᠡᠨ ᠲᠥᠭᠦᠷᠢᠭ ᠲᠤ ᠬᠦᠷᠴᠦ᠂ 0.5% ᠪᠠᠷ ᠨᠡᠮᠡᠭᠳᠡᠪᠡ᠃      ᠬᠤᠶᠠᠷ᠂ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠪᠥᠭᠡᠮ ᠢᠶᠠᠷ ᠪᠤᠷᠤᠯᠠᠭᠤᠯᠬᠤ ᠪᠠ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠨᠢ ᠨᠡᠯᠢᠶᠡᠳ ᠲᠦᠷᠭᠡᠨ ᠪᠠᠶᠢᠪᠠ      ᠪᠦᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠪᠦᠬᠡᠮ ᠢᠶᠠᠷ ᠬᠤᠳᠠᠯᠳᠤᠬᠤ ᠦᠢᠯᠡᠰ ᠪᠠ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ 5676 ᠲᠦᠮᠡᠨ ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 3.9% ᠨᠡᠮᠡᠭᠳᠡᠪᠡ᠃ ᠪᠥᠭᠡᠮ ᠢᠶᠠᠷ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ 3231 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠨ᠂ ᠵᠢᠵᠢᠭᠯᠡᠨ ᠬᠤᠳᠠᠯᠳᠤᠬᠤ ᠦᠢᠯᠡᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 1622 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.6% ᠪᠠᠷ ᠪᠠᠭᠤᠷᠠᠪᠠ︔ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ 823 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.4% ᠪᠠᠷ ᠨᠡᠮᠡᠭᠳᠡᠪᠡ᠂ ᠡᠭᠦᠨ ᠳᠤ ᠬᠤᠨᠤᠭ ᠪᠠᠭᠤᠳᠠᠯ ᠤᠨ ᠣᠷᠣᠯᠭ᠎ᠠ 365 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠨ᠂ ᠢᠳᠡᠭᠡᠨ ᠤᠮᠳᠠᠭᠠᠨ ᠤ ᠣᠷᠣᠯᠭ᠎ᠠ 458 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.0% ᠪᠠᠷ ᠨᠡᠮᠡᠭᠳᠡᠪᠡ᠃      ᠭᠤᠷᠪᠠ᠂ ᠬᠡᠷᠡᠭᠯᠡᠭᠡᠨ ᠤ ᠬᠠᠯᠠᠭᠤᠨ ᠴᠢᠭ ᠤᠨ ᠬᠤᠪᠢᠷᠠᠯᠲᠠ ᠶᠢᠨ ᠪᠠᠶᠢᠳᠠᠯ      1 — 7 ᠰᠠᠷ᠎ᠠ ᠳᠤ᠂ ᠬᠢᠵᠠᠭᠠᠷᠯᠠᠭᠰᠠᠨ ᠲᠤᠭ᠎ᠠ ᠶᠢᠨ ᠨᠢᠭᠡᠴᠡ ᠲᠠᠸᠠᠷ ᠤᠨ ᠵᠢᠵᠢᠭᠯᠡᠨ ᠬᠤᠳᠠᠯᠳᠤᠬᠤ ᠲᠤᠭ᠎ᠠ ᠳᠤ᠂ ᠲᠠᠪᠤᠨ ᠲᠠᠸᠠᠷ ᠤᠨ ᠲᠥᠷᠥᠯ ᠢᠯᠭᠠᠯ ᠤᠨ ᠭᠤᠷᠪᠠ ᠶᠢ ᠨᠡᠮᠡᠭᠳᠡᠭᠦᠯᠵᠦ ᠬᠤᠶᠠᠷ ᠢ ᠪᠠᠭᠤᠷᠠᠭᠤᠯᠤᠨ᠂ ᠲᠣᠰ ᠲᠣᠰ ᠡᠳᠦᠷ ᠲᠤᠲᠤᠮ ᠤᠨ ᠬᠡᠷᠡᠭᠯᠡᠭᠡᠨ ᠤ ᠵᠦᠢᠯ 3.4% ᠪᠠᠷ ᠨᠡᠮᠡᠭᠳᠡᠵᠦ᠂ ᠠᠮᠤ ᠲᠣᠰᠣ᠂ ᠢᠳᠡᠭᠡᠨ ᠤ ᠲᠥᠷᠥᠯ 4.1% ᠪᠠᠷ ᠨᠡᠮᠡᠭᠳᠡᠵᠦ᠂ ᠬᠤᠪᠴᠠᠰᠤ ᠬᠤᠨᠠᠷ᠂ ᠮᠠᠯᠠᠭᠠᠢ ᠱᠠᠬᠠᠶ᠂ ᠨᠡᠬᠡᠮᠡᠯ ᠤᠨ ᠲᠥᠷᠥᠯ 26.2% ᠢᠶᠠᠷ ᠨᠡᠮᠡᠭᠳᠡᠵᠦ᠂ ᠠᠷᠢᠬᠢ ᠲᠠᠮᠠᠬᠢᠨ ᠲᠥᠷᠥᠯ 25.5% ᠪᠠᠷ ᠪᠠᠭᠤᠷᠠᠵᠤ᠂ ᠤᠮᠳᠠᠭᠠᠨ ᠤ ᠲᠥᠷᠥᠯ 11.2% ᠢᠶᠠᠷ ᠪᠠᠭᠤᠷᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号